ᠪᠦᠭᠦᠲᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢ ᠠᠬᠢᠭᠤᠯᠬᠤ ᠬᠠᠤᠯᠢ (ᠲᠠᠪᠤᠳᠤᠭᠠᠷ ᠵᠢᠷᠭᠤᠳᠤᠭᠠᠷ ᠪᠦᠯᠦᠭ)
2019.11.11

  (1996 ᠣᠨ᠎ᠤ 5 ᠰᠠᠷ᠎ᠠ᠎ᠶᠢᠨ 15᠎ᠤ ᠡᠳᠦᠷ ᠨᠠᠢ᠍ᠮᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠ ᠶᠢᠰᠦᠳᠦᠭᠡᠷ ᠬᠤᠷᠠᠯᠳᠤᠭᠠᠨ᠎ᠠᠴᠠ ᠪᠠᠲᠤᠯᠠᠪᠠ

  2015 ᠣᠨ᠎ᠤ 8 ᠰᠠᠷ᠎ᠠ᠎ᠶᠢᠨ 29᠎ᠦ ᠡᠳᠦᠷ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠦᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠵᠢᠷᠭᠤᠳᠤᠭᠠᠷ ᠬᠤᠷᠠᠯᠳᠤᠭᠠᠨ᠎ᠤ 《<ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢ ᠠᠬᠢᠭᠤᠯᠬᠤ ᠬᠠᠤᠯᠢ>᠎ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ》᠎ᠢ ᠦᠨᠳᠦᠰᠦᠯᠡᠨ ᠵᠠᠰᠠᠪᠠ)

 

    ᠲᠠᠪᠤᠳᠤᠭᠠᠷ ᠪᠦᠯᠦᠭ    ᠬᠠᠤᠯᠢ᠎ᠶᠢᠨ ᠬᠠᠷᠢᠭᠤᠴᠠᠯᠭ᠎ᠠ

 

  ᠳᠥᠴᠢᠨ ᠵᠢᠷᠭᠤᠳᠤᠭᠠᠷ ᠵᠦᠢᠯ   ᠡᠳ᠋᠎ᠦᠨ ᠵᠠᠰᠠᠭ᠎ᠤᠨ ᠪᠡᠯᠡ ᠮᠥᠩᠭᠦ᠎ᠶᠢ ᠠᠱᠢᠭᠯᠠᠨ ᠪᠠᠢᠭᠤᠯᠤᠭᠰᠠᠨ ᠱᠢᠨᠵᠢᠯᠡᠬᠦ ᠤᠬᠠᠭᠠᠨ ᠮᠡᠷᠭᠡᠵᠢᠯ᠎ᠦᠨ ᠵᠦᠢᠯᠡᠰ᠎ᠦᠨ ᠳᠠᠭᠠᠭᠠᠨ ᠬᠢᠭᠴᠢ ᠲᠤᠰ ᠬᠠᠤᠯᠢ᠎ᠶᠢᠨ ᠲᠣᠭᠲᠠᠭᠠᠯ ᠶᠣᠰᠤᠭᠠᠷ ᠱᠢᠨᠵᠢᠯᠡᠬᠦ ᠤᠬᠠᠭᠠᠨ ᠮᠡᠷᠭᠡᠵᠢᠯ᠎ᠦᠨ ᠮᠡᠳᠡᠭᠦᠯᠦᠯᠲᠡ᠎ᠪᠡᠨ ᠲᠤᠰᠢᠶᠠᠭᠰᠠᠨ᠎ᠦᠭᠡᠢ᠂ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ ᠪᠠ ᠬᠣᠯᠪᠤᠭᠳᠠᠯ ᠪᠦᠬᠦᠢ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠶᠢᠨ ᠮᠡᠳᠡᠭᠡ ᠵᠠᠩᠭᠢ᠎ᠪᠠᠨ ᠬᠤᠷᠢᠶᠠᠩᠭᠤᠢᠯᠠᠨ ᠲᠤᠱᠢᠶᠠᠭᠰᠠᠨ᠎ᠦᠭᠡᠢ ᠪᠠᠢᠪᠠᠯ᠂ ᠵᠦᠢᠯᠡᠰ᠎ᠢ ᠵᠣᠬᠢᠶᠠᠨ ᠪᠠᠢᠭᠤᠯᠤᠨ ᠬᠡᠷᠡᠭᠵᠢᠭᠦᠯᠵᠦ ᠪᠠᠢᠭ᠎ᠠ ᠵᠠᠰᠠᠭ᠎ᠤᠨ ᠣᠷᠳᠤᠨ᠎ᠤ ᠬᠣᠯᠪᠤᠭᠳᠠᠯ ᠪᠦᠬᠦᠢ ᠰᠠᠯᠠᠭ᠎ᠠ ᠮᠥᠴᠢᠷ᠂ ᠬᠠᠮᠢᠶᠠᠷᠤᠯᠲᠠ᠎ᠶᠢᠨ ᠪᠠᠢᠭᠤᠯᠤᠮᠵᠢ᠎ᠠᠴᠠ ᠵᠠᠷᠯᠢᠭᠳᠠᠨ ᠵᠠᠯᠠᠷᠠᠭᠤᠯᠤᠭᠤᠯᠤᠨ᠎ᠠ; ᠦᠢᠯᠡ ᠪᠠᠢᠳᠠᠯ᠎ᠨᠢ ᠬᠦᠨᠳᠦ ᠨᠣᠴᠢᠲᠠᠢ ᠪᠠᠢᠪᠠᠯ᠂ ᠵᠠᠷᠯᠠᠨ ᠰᠢᠭᠦᠮᠵᠢᠯᠡᠵᠦ᠂ ᠵᠣᠬᠢᠬᠤ ᠬᠤᠭᠤᠴᠠᠭᠠᠨ᠎ᠳᠤ᠂ ᠲᠡᠭᠦᠨ᠎ᠦ ᠡᠳ᠋᠎ᠦᠨ ᠵᠠᠰᠠᠭ᠎ᠤᠨ ᠪᠡᠯᠡ ᠮᠥᠩᠭᠦ᠎ᠶᠢ ᠠᠱᠢᠭᠯᠠᠨ ᠪᠠᠢᠭᠤᠯᠤᠭᠰᠠᠨ ᠱᠢᠨᠵᠢᠯᠡᠬᠦ ᠤᠬᠠᠭᠠᠨ ᠮᠡᠷᠭᠡᠵᠢᠯ᠎ᠦᠨ ᠵᠦᠢᠯᠡᠰ᠎ᠢ ᠳᠠᠭᠠᠭᠠᠨ ᠬᠢᠬᠦ᠎ᠶᠢ ᠴᠠᠭᠠᠵᠠᠯᠠᠨ᠎ᠠ᠃

  ᠤᠯᠤᠰ᠎ᠠᠴᠠ ᠪᠠᠢᠭᠤᠯᠤᠭᠰᠠᠨ ᠰᠤᠳᠤᠯᠤᠨ ᠨᠡᠭᠡᠭᠡᠬᠦ ᠪᠠᠢᠭᠤᠯᠤᠮᠵᠢ᠂ ᠶᠡᠬᠡ ᠰᠤᠷᠭᠠᠭᠤᠯᠢ ᠳᠡᠭᠡᠳᠦ ᠰᠤᠷᠭᠠᠭᠤᠯᠢ ᠲᠤᠰ ᠬᠠᠤᠯᠢ᠎ᠶᠢᠨ ᠲᠣᠭᠲᠠᠭᠠᠯ ᠶᠣᠰᠤᠭᠠᠷ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠪᠠᠢᠳᠠᠯ᠎ᠤᠨ ᠣᠨ᠎ᠤ ᠮᠡᠳᠡᠭᠦᠯᠦᠯᠲᠡ᠎ᠪᠡᠨ ᠲᠤᠱᠢᠶᠠᠭᠰᠠᠨ᠎ᠦᠭᠡᠢ ᠪᠠᠢᠪᠠᠯ᠂ ᠲᠡᠭᠦᠨ᠎ᠦ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠡᠴᠡ ᠵᠠᠷᠯᠢᠭᠳᠠᠨ ᠵᠠᠯᠠᠷᠠᠭᠤᠯᠤᠭᠤᠯᠤᠨ᠎ᠠ; ᠦᠢᠯᠡ ᠪᠠᠢᠳᠠᠯ᠎ᠨᠢ ᠬᠦᠨᠳᠦ ᠨᠣᠴᠢᠲᠠᠢ ᠪᠠᠢᠪᠠᠯ᠂ ᠵᠠᠷᠯᠠᠨ ᠰᠢᠭᠦᠮᠵᠢᠯᠡᠨ᠎ᠡ᠃

  ᠳᠥᠴᠢᠨ ᠳᠣᠯᠤᠳᠤᠭᠠᠷ ᠵᠦᠢᠯ   ᠲᠤᠰ ᠬᠠᠤᠯᠢ᠎ᠶᠢᠨ ᠲᠣᠭᠲᠠᠭᠠᠯ᠎ᠢ ᠵᠥᠷᠢᠴᠡᠵᠦ᠂ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠠᠵᠢᠯᠯᠠᠭ᠎ᠠ᠎ᠶᠢᠨ ᠳᠤᠮᠳᠠ ᠬᠤᠳᠠᠯ᠎ᠢᠶᠠᠷ ᠵᠣᠬᠢᠶᠠᠨ ᠬᠠᠭᠤᠷᠮᠠᠭ᠎ᠢᠶᠠᠷ ᠦᠢᠯᠡᠳᠴᠦ᠂ ᠮᠡᠬᠡᠯᠡᠬᠦ ᠠᠷᠭ᠎ᠠ ᠪᠠᠷᠢᠯ ᠠᠪᠴᠤ ᠪᠠᠢᠭᠠᠳ ᠱᠠᠩᠨᠠᠯ ᠬᠥᠬᠢᠭᠦᠯᠦᠯ ᠪᠤᠶᠤ ᠢᠷᠠᠭᠤ ᠠᠯᠳᠠᠷ᠎ᠤᠨ ᠴᠣᠯᠠ᠎ᠶᠢ ᠮᠡᠬᠡᠯᠡᠨ ᠣᠯᠵᠤ᠂ ᠵᠣᠭᠤᠰ ᠮᠥᠩᠭᠦ ᠮᠡᠬᠡᠯᠡᠨ ᠠᠪᠴᠤ᠂ ᠬᠠᠤᠯᠢ ᠪᠤᠰᠤ᠎ᠪᠠᠷ ᠠᠱᠢᠭ ᠣᠯᠤᠭᠰᠠᠨ ᠪᠠᠢᠪᠠᠯ᠂ ᠵᠠᠰᠠᠭ᠎ᠤᠨ ᠣᠷᠳᠤᠨ᠎ᠤ ᠬᠣᠯᠪᠤᠭᠳᠠᠯ ᠪᠦᠬᠦᠢ ᠰᠠᠯᠠᠭ᠎ᠠ ᠮᠥᠴᠢᠷ᠎ᠡᠴᠡ ᠬᠠᠮᠢᠶᠠᠷᠤᠯᠲᠠ᠎ᠶᠢᠨ ᠲᠤᠱᠢᠶᠠᠯ ᠬᠠᠷᠢᠭᠤᠴᠠᠯᠭ᠎ᠠ᠎ᠶᠢᠨ ᠶᠣᠰᠤᠭᠠᠷ ᠵᠠᠷᠯᠢᠭᠳᠠᠨ ᠵᠠᠯᠠᠷᠠᠭᠤᠯᠤᠭᠤᠯᠵᠤ᠂ ᠲᠤᠰ ᠱᠠᠩᠨᠠᠯ ᠬᠥᠬᠢᠭᠦᠯᠦᠯ ᠪᠣᠯᠤᠨ ᠢᠷᠠᠭᠤ ᠠᠯᠳᠠᠷ᠎ᠤᠨ ᠴᠣᠯᠠ᠎ᠶᠢ᠎ᠨᠢ ᠬᠠᠰᠤᠵᠤ᠂ ᠬᠠᠤᠯᠢ᠎ᠶᠢ ᠵᠥᠷᠢᠴᠡᠵᠦ ᠣᠯᠤᠭᠰᠠᠨ ᠣᠯᠵᠠ ᠠᠱᠢᠭ᠎ᠢ᠎ᠨᠢ ᠬᠣᠷᠢᠶᠠᠨ ᠠᠪᠬᠤ᠎ᠶᠢᠨ ᠬᠠᠮᠲᠤ ᠵᠣᠭᠤᠰ᠎ᠢᠶᠠᠷ ᠲᠣᠷᠭᠠᠬᠤ᠎ᠪᠠᠷ ᠰᠢᠳᠭᠡᠨ᠎ᠡ᠃ ᠪᠤᠰᠤᠳ ᠬᠥᠮᠦᠨ᠎ᠳᠦ ᠠᠵᠤ ᠠᠬᠤᠢ᠎ᠶᠢᠨ ᠬᠣᠬᠢᠷᠠᠯ ᠤᠴᠠᠷᠠᠭᠤᠯᠤᠭᠰᠠᠨ ᠪᠠᠢᠪᠠᠯ᠂ ᠬᠠᠤᠯᠢ ᠶᠣᠰᠤᠭᠠᠷ ᠢᠷᠭᠡᠨ᠎ᠦ ᠬᠡᠷᠡᠭ᠎ᠦᠨ ᠲᠥᠯᠦᠪᠦᠷᠢ᠎ᠶᠢᠨ ᠬᠠᠷᠢᠭᠤᠴᠠᠯᠭ᠎ᠠ ᠡᠭᠦᠷᠭᠡᠯᠡᠨ᠎ᠡ᠃ ᠶᠠᠯ᠎ᠠ ᠪᠣᠯᠵᠤ ᠪᠦᠷᠢᠯᠳᠦᠭᠰᠡᠨ ᠪᠠᠢᠪᠠᠯ᠂ ᠬᠠᠤᠯᠢ ᠶᠣᠰᠤᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃

  ᠳᠥᠴᠢᠨ ᠨᠠᠢ᠍ᠮᠠᠳᠤᠭᠠᠷ ᠵᠦᠢᠯ   ᠱᠢᠨᠵᠢᠯᠡᠬᠦ ᠤᠬᠠᠭᠠᠨ ᠮᠡᠷᠭᠡᠵᠢᠯ᠎ᠦᠨ ᠦᠢᠯᠡᠴᠢᠯᠡᠭᠡᠨ᠎ᠦ ᠪᠠᠢᠭᠤᠯᠤᠮᠵᠢ ᠵᠢᠴᠢ ᠲᠡᠭᠦᠨ᠎ᠳᠦ ᠠᠵᠢᠯᠯᠠᠵᠤ ᠪᠠᠢᠭ᠎ᠠ ᠬᠥᠮᠦᠰ ᠲᠤᠰ ᠬᠠᠤᠯᠢ᠎ᠶᠢᠨ ᠲᠣᠭᠲᠠᠭᠠᠯ᠎ᠢ ᠵᠥᠷᠢᠴᠡᠵᠦ᠂ ᠵᠣᠷᠢᠭᠤᠳᠠ ᠬᠤᠳᠠᠯ ᠬᠠᠭᠤᠷᠮᠠᠭ ᠮᠡᠳᠡᠭᠡ ᠵᠠᠩᠭᠢ᠂ ᠲᠤᠷᠱᠢᠯᠲᠠ᠎ᠶᠢᠨ ᠳ᠋ᠦᠩ ᠪᠤᠶᠤ ᠦᠨᠡᠯᠡᠨ ᠵᠢᠱᠢᠯᠲᠡ᠎ᠶᠢᠨ ᠰᠠᠨᠠᠯ ᠵᠡᠷᠭᠡ᠎ᠶᠢ ᠬᠠᠩᠭᠠᠵᠤ ᠲᠤᠬᠠᠢ᠎ᠶᠢᠨ ᠬᠥᠮᠦᠨ᠎ᠢ ᠮᠡᠬᠡᠯᠡᠭᠰᠡᠨ᠂ ᠡᠰᠡᠬᠦᠯ᠎ᠡ ᠨᠢᠭᠡ ᠲᠠᠯ᠎ᠠ᠎ᠶᠢᠨ ᠲᠤᠬᠠᠢ᠎ᠶᠢᠨ ᠬᠥᠮᠦᠨ᠎ᠲᠡᠢ ᠬᠤᠤᠪᠢᠯᠳᠤᠨ ᠨᠥᠭᠦᠭᠡ ᠲᠠᠯ᠎ᠠ᠎ᠶᠢᠨ ᠲᠤᠬᠠᠢ᠎ᠶᠢᠨ ᠬᠥᠮᠦᠨ᠎ᠢ ᠮᠡᠬᠡᠯᠡᠭᠰᠡᠨ ᠪᠠᠢᠪᠠᠯ᠂ ᠵᠠᠰᠠᠭ᠎ᠤᠨ ᠣᠷᠳᠤᠨ᠎ᠤ ᠬᠣᠯᠪᠤᠭᠳᠠᠯ ᠪᠦᠬᠦᠢ ᠰᠠᠯᠠᠭ᠎ᠠ ᠮᠥᠴᠢᠷ᠎ᠡᠴᠡ ᠬᠠᠮᠢᠶᠠᠷᠤᠯᠲᠠ᠎ᠶᠢᠨ ᠲᠤᠱᠢᠶᠠᠯ ᠬᠠᠷᠢᠭᠤᠴᠠᠯᠭ᠎ᠠ᠎ᠶᠢᠨ ᠶᠣᠰᠤᠭᠠᠷ ᠵᠠᠷᠯᠢᠭᠳᠠᠨ ᠵᠠᠯᠠᠷᠠᠭᠤᠯᠤᠭᠤᠯᠵᠤ᠂ ᠬᠠᠤᠯᠢ᠎ᠶᠢ ᠵᠥᠷᠢᠴᠡᠵᠦ ᠣᠯᠤᠭᠰᠠᠨ ᠣᠯᠵᠠ ᠠᠱᠢᠭ᠎ᠢ᠎ᠨᠢ ᠬᠣᠷᠢᠶᠠᠨ ᠠᠪᠬᠤ᠎ᠶᠢᠨ ᠬᠠᠮᠲᠤ ᠵᠣᠭᠤᠰ᠎ᠢᠶᠠᠷ ᠲᠣᠷᠭᠠᠬᠤ᠎ᠪᠠᠷ ᠱᠢᠳᠭᠡᠨ᠎ᠡ; ᠦᠢᠯᠡ ᠪᠠᠢᠳᠠᠯ᠎ᠨᠢ ᠬᠦᠨᠳᠦ ᠨᠣᠴᠢᠲᠠᠢ ᠪᠠᠢᠪᠠᠯ᠂ ᠦᠢᠯᠡᠳᠪᠦᠷᠢ ᠬᠤᠳᠠᠯᠳᠤᠭᠠᠨ᠎ᠤ ᠵᠠᠰᠠᠭ ᠵᠠᠬᠢᠷᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠡᠴᠡ ᠬᠠᠤᠯᠢ ᠶᠣᠰᠤᠭᠠᠷ ᠡᠵᠡᠩᠨᠡᠯᠲᠡ᠎ᠶᠢᠨ ᠦᠨᠡᠮᠯᠡᠯ᠎ᠢ᠎ᠨᠢ ᠬᠣᠷᠢᠶᠠᠨ ᠠᠪᠴᠤ ᠬᠦᠴᠦᠨ᠎ᠦᠭᠡᠢ ᠪᠣᠯᠭᠠᠨ᠎ᠠ᠃ ᠪᠤᠰᠤᠳ ᠬᠥᠮᠦᠨ᠎ᠳᠦ ᠠᠵᠤ ᠠᠬᠤᠢ᠎ᠶᠢᠨ ᠬᠣᠬᠢᠷᠠᠯ ᠤᠴᠠᠷᠠᠭᠤᠯᠤᠭᠰᠠᠨ ᠪᠠᠢᠪᠠᠯ᠂ ᠬᠠᠤᠯᠢ ᠶᠣᠰᠤᠭᠠᠷ ᠢᠷᠭᠡᠨ᠎ᠦ ᠬᠡᠷᠡᠭ᠎ᠦᠨ ᠲᠥᠯᠦᠪᠦᠷᠢ᠎ᠶᠢᠨ ᠬᠠᠷᠢᠭᠤᠴᠠᠯᠭ᠎ᠠ ᠡᠭᠦᠷᠭᠡᠯᠡᠨ᠎ᠡ; ᠶᠠᠯ᠎ᠠ ᠪᠣᠯᠵᠤ ᠪᠦᠷᠢᠯᠳᠦᠭᠰᠡᠨ ᠪᠠᠢᠪᠠᠯ᠂ ᠬᠠᠤᠯᠢ ᠶᠣᠰᠤᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃

  ᠱᠢᠨᠵᠢᠯᠡᠬᠦ ᠤᠬᠠᠭᠠᠨ ᠮᠡᠷᠭᠡᠵᠢᠯ᠎ᠦᠨ ᠵᠠᠭᠤᠴᠢ ᠦᠢᠯᠡᠴᠢᠯᠡᠭᠡᠨ᠎ᠦ ᠪᠠᠢᠭᠤᠯᠤᠮᠵᠢ ᠵᠢᠴᠢ ᠲᠡᠭᠦᠨ᠎ᠳᠦ ᠠᠵᠢᠯᠯᠠᠵᠤ ᠪᠠᠢᠭ᠎ᠠ ᠬᠥᠮᠦᠰ ᠲᠤᠰ ᠬᠠᠤᠯᠢ᠎ᠶᠢᠨ ᠲᠣᠭᠲᠠᠭᠠᠯ᠎ᠢ ᠵᠥᠷᠢᠴᠡᠨ ᠤᠯᠤᠰ᠎ᠤᠨ ᠨᠢᠭᠤᠴᠠ ᠪᠤᠶᠤ ᠲᠤᠬᠠᠢ᠎ᠶᠢᠨ ᠬᠥᠮᠦᠨ᠎ᠦ ᠬᠤᠳᠠᠯᠳᠤᠭᠠᠨ᠎ᠤ ᠨᠢᠭᠤᠴᠠ᠎ᠶᠢ ᠵᠠᠳᠠᠷᠠᠭᠤᠯᠤᠭᠰᠠᠨ ᠪᠠᠢᠪᠠᠯ᠂ ᠬᠣᠯᠪᠤᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠤᠨ ᠲᠣᠭᠲᠠᠭᠠᠯ ᠶᠣᠰᠤᠭᠠᠷ ᠵᠣᠬᠢᠴᠠᠩᠭᠤᠢ ᠬᠠᠤᠯᠢ᠎ᠶᠢᠨ ᠬᠠᠷᠢᠭᠤᠴᠠᠯᠭ᠎ᠠ ᠡᠭᠦᠷᠭᠡᠯᠡᠨ᠎ᠡ᠃

  ᠳᠥᠴᠢ ᠶᠢᠰᠦᠳᠦᠭᠡᠷ ᠵᠦᠢᠯ   ᠱᠢᠨᠵᠢᠯᠡᠬᠦ ᠤᠬᠠᠭᠠᠨ ᠮᠡᠷᠭᠡᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠪᠠ ᠪᠤᠰᠤᠳ ᠬᠣᠯᠪᠤᠭᠳᠠᠯ ᠪᠦᠬᠦᠢ ᠰᠠᠯᠠᠭ᠎ᠠ ᠮᠥᠴᠢᠷ ᠵᠢᠴᠢ ᠲᠡᠭᠦᠨ᠎ᠦ ᠠᠵᠢᠯᠲᠠᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠬᠤᠪᠢᠷᠠᠭᠤᠯᠬᠤ ᠳᠤᠮᠳᠠ ᠡᠷᠬᠡ ᠲᠤᠱᠢᠶᠠᠯ᠎ᠢᠶᠠᠨ ᠳᠤᠷ᠎ᠠ᠎ᠪᠠᠷ᠎ᠢᠶᠠᠨ ᠬᠡᠷᠡᠭᠯᠡᠨ᠂ ᠲᠤᠱᠢᠶᠠᠯ ᠬᠠᠷᠢᠭᠤᠴᠠᠯᠭ᠎ᠠ᠎ᠪᠠᠨ ᠣᠮᠲᠤᠭᠠᠢᠯᠠᠵᠤ᠂ ᠬᠤᠪᠢ᠎ᠶᠢᠨ ᠨᠠᠢᠷ ᠬᠠᠷᠠᠵᠤ ᠬᠠᠤᠯᠢ ᠶᠣᠰᠤ᠎ᠶᠢ ᠵᠥᠷᠢᠴᠡᠭᠰᠡᠨ ᠪᠠᠢᠪᠠᠯ᠂ ᠲᠣᠮᠢᠯᠠᠵᠤ ᠪᠠᠭᠤᠯᠭᠠᠬᠤ ᠪᠠᠢᠭᠤᠯᠭ᠎ᠠ ᠪᠤᠶᠤ ᠬᠢᠨᠠᠨ ᠪᠠᠢᠴᠠᠭᠠᠬᠤ ᠪᠠᠢᠭᠤᠯᠭ᠎ᠠ᠎ᠠᠴᠠ ᠱᠢᠭᠤᠳ ᠬᠠᠷᠢᠭᠤᠴᠠᠵᠤ ᠪᠠᠢᠭ᠎ᠠ ᠡᠷᠬᠢᠯᠡᠨ ᠬᠠᠮᠢᠶᠠᠷᠬᠤ ᠬᠥᠮᠦᠨ ᠪᠠ ᠱᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠳᠦ ᠬᠠᠤᠯᠢ ᠶᠣᠰᠤᠭᠠᠷ ᠱᠢᠢᠳᠭᠡᠯ ᠥᠭᠭᠦᠨ᠎ᠡ; ᠶᠠᠯ᠎ᠠ ᠪᠣᠯᠵᠤ ᠪᠦᠷᠢᠯᠳᠦᠭᠰᠡᠨ ᠪᠠᠢᠪᠠᠯ᠂ ᠬᠠᠤᠯᠢ ᠶᠣᠰᠤᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃

  ᠲᠠᠪᠢᠳᠤᠭᠠᠷ ᠵᠦᠢᠯ   ᠲᠤᠰ ᠬᠠᠤᠯᠢ᠎ᠶᠢᠨ ᠲᠣᠭᠲᠠᠭᠠᠯ᠎ᠢ ᠵᠥᠷᠢᠴᠡᠵᠦ᠂ ᠥᠳᠦᠭᠡᠨ ᠬᠤᠯᠠᠭᠠᠢᠯᠠᠭᠤᠯᠬᠤ᠂ ᠠᠱᠢᠭ᠎ᠢᠶᠠᠷ ᠲᠡᠳᠡᠨ ᠠᠯᠪᠠᠲᠠᠨ ᠰᠦᠷᠳᠡᠭᠦᠯᠬᠦ ᠵᠡᠷᠭᠡ ᠠᠷᠭ᠎ᠠ ᠪᠠᠷᠢᠯ᠎ᠢᠶᠠᠷ ᠪᠤᠰᠤᠳ ᠬᠥᠮᠦᠨ᠎ᠦ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠡᠵᠡᠯᠡᠵᠦ᠂ ᠪᠤᠰᠤᠳ ᠬᠥᠮᠦᠨ᠎ᠦ ᠬᠠᠤᠯᠢ ᠶᠣᠰᠤᠨ᠎ᠤ ᠡᠷᠬᠡ ᠠᠱᠢᠭ᠎ᠲᠤ ᠬᠠᠯᠳᠠᠭᠰᠠᠨ ᠪᠠᠢᠪᠠᠯ᠂ ᠬᠠᠤᠯᠢ ᠶᠣᠰᠤᠭᠠᠷ ᠢᠷᠭᠡᠨ᠎ᠦ ᠬᠡᠷᠡᠭ᠎ᠦᠨ ᠲᠥᠯᠦᠪᠦᠷᠢ᠎ᠶᠢᠨ ᠬᠠᠷᠢᠭᠤᠴᠠᠯᠭ᠎ᠠ ᠡᠭᠦᠷᠭᠡᠯᠡᠭᠦᠯᠦᠨ᠎ᠡ᠂ ᠵᠣᠭᠤᠰ᠎ᠢᠶᠠᠷ ᠲᠣᠷᠭᠠᠬᠤ᠎ᠪᠠᠷ ᠱᠢᠢᠳᠭᠡᠵᠦ ᠪᠣᠯᠤᠨ᠎ᠠ; ᠶᠠᠯ᠎ᠠ ᠪᠣᠯᠵᠤ ᠪᠦᠷᠢᠯᠳᠦᠭᠰᠡᠨ ᠪᠠᠢᠪᠠᠯ᠂ ᠬᠠᠤᠯᠢ ᠶᠣᠰᠤᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃

  ᠲᠠᠪᠢᠨ ᠨᠢᠭᠡᠳᠦᠭᠡᠷ ᠵᠦᠢᠯ   ᠲᠤᠰ ᠬᠠᠤᠯᠢ᠎ᠶᠢᠨ ᠲᠣᠭᠲᠠᠭᠠᠯ᠎ᠢ ᠵᠥᠷᠢᠴᠡᠵᠦ᠂ ᠠᠵᠢᠯᠲᠠᠨ ᠠᠵᠢᠯᠴᠢᠳ ᠨᠢᠭᠡᠴᠢ᠎ᠪᠡᠷ᠎ᠢᠶᠡᠨ ᠵᠥᠪᠱᠢᠶᠡᠷᠡᠭᠦᠯᠦᠭᠰᠡᠨ᠎ᠦᠭᠡᠢ᠎ᠪᠡᠷ ᠲᠤᠰ ᠨᠢᠭᠡᠴᠢ᠎ᠶᠢᠨ᠎ᠢᠶᠡᠨ ᠮᠡᠷᠭᠡᠵᠢᠯ᠎ᠦᠨ ᠨᠢᠭᠤᠴᠠ᠎ᠶᠢ ᠵᠠᠳᠠᠷᠠᠭᠤᠯᠤᠭᠰᠠᠨ᠂ ᠡᠰᠡᠬᠦᠯ᠎ᠡ ᠡᠭᠦᠷᠭᠡ ᠲᠤᠱᠢᠶᠠᠯ᠎ᠤᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠳᠤᠷ᠎ᠠ᠎ᠪᠠᠷ᠎ᠢᠶᠠᠨ ᠱᠢᠯᠵᠢᠭᠦᠯᠦᠨ ᠦᠭᠭᠦᠭᠰᠡᠨ᠂ ᠬᠡᠯᠪᠡᠷᠢ᠎ᠶᠢ᠎ᠨᠢ ᠥᠭᠡᠷᠡᠲᠦᠭᠦᠯᠦᠨ ᠱᠢᠯᠵᠢᠭᠦᠯᠦᠨ ᠦᠭᠭᠦᠭᠰᠡᠨ᠂ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠬᠤᠪᠢᠷᠠᠭᠤᠯᠬᠤ᠎ᠳᠤ ᠣᠷᠤᠯᠴᠠᠭᠰᠠᠨ ᠬᠣᠯᠪᠤᠭᠳᠠᠯ ᠪᠦᠬᠦᠢ ᠬᠥᠮᠦᠰ ᠲᠤᠰ ᠨᠢᠭᠡᠴᠢ᠎ᠯᠦᠭᠡ᠎ᠶᠢᠨ ᠬᠡᠯᠡᠯᠴᠡᠭᠡᠷ᠎ᠡᠴᠡ ᠵᠥᠷᠢᠴᠡᠵᠦ᠂ ᠠᠵᠢᠯ᠎ᠠᠴᠠ᠎ᠪᠠᠨ ᠰᠠᠯᠤᠭᠰᠠᠨ᠂ ᠠᠵᠢᠯ᠎ᠠᠴᠠ᠎ᠪᠠᠨ ᠠᠮᠠᠷᠠᠭᠰᠠᠨ᠂ ᠨᠠᠰᠤᠨ᠎ᠤ ᠠᠮᠠᠷᠠᠯᠲᠠ᠎ᠪᠠᠨ ᠠᠪᠤᠭᠰᠠᠨ᠎ᠤ ᠳᠠᠷᠠᠭᠠᠬᠢ ᠪᠣᠯᠵᠤᠨ ᠲᠣᠭᠲᠠᠭᠰᠠᠨ ᠬᠤᠭᠤᠴᠠᠭᠠᠨ ᠳᠣᠲᠤᠷ᠎ᠠ ᠤᠤᠯ ᠨᠢᠭᠡᠴᠢ᠎ᠶᠢᠨ ᠬᠢ᠎ᠲᠡᠢ᠎ᠪᠡᠨ ᠠᠳᠠᠯᠢᠬᠠᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠬᠤᠪᠢᠷᠠᠭᠤᠯᠤᠯᠲᠠ᠎ᠶᠢᠨ ᠠᠵᠢᠯᠯᠠᠭ᠎ᠠ ᠬᠢᠵᠦ᠂ ᠲᠤᠰ ᠨᠢᠭᠡᠴᠢ᠎ᠳᠦ ᠠᠵᠤ ᠠᠬᠤᠢ᠎ᠶᠢᠨ ᠬᠣᠬᠢᠷᠠᠯ ᠤᠴᠠᠷᠠᠭᠤᠯᠤᠭᠰᠠᠨ ᠪᠠᠢᠪᠠᠯ᠂ ᠬᠠᠤᠯᠢ ᠶᠣᠰᠤᠭᠠᠷ ᠢᠷᠭᠡᠨ᠎ᠦ ᠬᠡᠷᠡᠭ᠎ᠦᠨ ᠲᠥᠯᠦᠪᠦᠷᠢ᠎ᠶᠢᠨ ᠬᠠᠷᠢᠭᠤᠴᠠᠯᠭ᠎ᠠ ᠡᠭᠦᠷᠭᠡᠯᠡᠨ᠎ᠡ; ᠶᠠᠯ᠎ᠠ ᠪᠣᠯᠵᠤ ᠪᠦᠷᠢᠯᠳᠦᠭᠰᠡᠨ ᠪᠠᠢᠪᠠᠯ᠂ ᠬᠠᠤᠯᠢ ᠶᠣᠰᠤᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃

 

  ᠵᠢᠷᠭᠤᠳᠤᠭᠠᠷ ᠪᠦᠯᠦᠭ    ᠳᠠᠭᠠᠯᠳᠤᠭᠤᠯᠤᠭᠰᠠᠨ ᠳᠦᠷᠢᠮ

 

  ᠲᠠᠪᠢᠨ ᠬᠣᠶᠠᠳᠤᠭᠠᠷ ᠵᠦᠢᠯ   ᠲᠤᠰ ᠬᠠᠤᠯᠢ᠎ᠶᠢ 1996 ᠣᠨ᠎ᠤ 10 ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃

 

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604