ᠦᠪᠤᠷ ᠮᠣᠩᠭᠤᠯ᠎ᠤᠨ ᠦᠪᠡᠷᠲᠡᠭᠡᠨ ᠵᠠᠰᠠᠬᠤ ᠣᠷᠤᠨ᠎ᠤ ᠱᠢᠨᠵᠢᠯᠡᠬᠦ ᠣᠬᠠᠭᠠᠨ ᠮᠡᠷᠭᠡᠵᠢᠯ᠎ᠤᠨ ᠲᠠᠪᠱᠢᠯᠲᠠ᠎ᠶᠢᠨ ᠳᠦᠷᠢᠮ (ᠨᠢᠭᠡᠳᠦᠭᠡᠷ ᠪᠦᠯᠦᠭ)
2020.03.16

(1996 ᠣᠨ᠎ᠤ 6 ᠳ᠋ᠤᠭᠠᠷ ᠰᠠᠷ᠎ᠠ᠎ᠶᠢᠨ 1᠎ᠤ ᠡᠳᠦᠷ ᠦᠪᠤᠷ ᠮᠤᠩᠭᠤᠯ᠎ᠤᠨ ᠦᠪᠠᠷᠳᠡᠭᠡᠨ ᠵᠠᠰᠠᠬᠤ ᠤᠷᠤᠨ᠎ᠤ ᠨᠠᠢ᠍ᠮᠠᠳᠤᠭᠠᠷ ᠬᠤᠭᠤᠴᠠᠭᠠᠨ᠎ᠤ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢᠩᠭᠤ᠎ᠶᠢᠨ ᠬᠤᠷᠢᠶ᠎ᠠ᠎ᠶᠢᠨ ᠬᠤᠶᠠᠳᠤᠭᠠᠷ ᠬᠤᠷᠠᠯ᠎ᠠᠴᠠ ᠪᠠᠳᠤᠯᠠᠵᠦ᠂ 2014 ᠣᠨ᠎ᠤ 5᠎ᠳᠤᠭᠠᠷ ᠰᠠᠷ᠎ᠠ᠎ᠶᠢᠨ 9᠎ᠤ ᠡᠳᠦᠷ ᠦᠪᠤᠷ ᠮᠤᠩᠭᠤᠯ᠎ᠤᠨ ᠦᠪᠠᠷᠳᠡᠭᠡᠨ ᠵᠠᠰᠠᠬᠤ ᠤᠷᠤᠨ᠎ᠤ ᠠᠷᠪᠠᠨ ᠬᠤᠶᠠᠳᠤᠭᠠᠷ ᠬᠤᠭᠤᠴᠠᠭᠠᠨ᠎ᠤ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢᠩᠭᠤ᠎ᠶᠢᠨ ᠬᠤᠷᠢᠶ᠎ᠠ᠎ᠶᠢᠨ ᠠᠷᠪᠠᠳᠤᠭᠠᠷ ᠬᠤᠷᠠᠯ᠎ᠠᠴᠠ ᠵᠠᠰᠠᠪᠤᠷᠢ ᠤᠷᠤᠭᠤᠯᠪᠠ)

 

    ᠨᠢᠭᠡᠳᠦᠭᠡᠷ ᠪᠦᠯᠦᠭ  ᠶᠡᠷᠦᠩᠬᠡᠢ ᠲᠦᠷᠢᠮ

 

  ᠨᠢᠭᠡᠳᠦᠭᠡᠷ ᠵᠦᠢᠯ  ᠱᠢᠨᠵᠢᠯᠡᠬᠦ ᠣᠬᠠᠭᠠᠨ ᠮᠡᠷᠭᠡᠵᠢᠯ᠎ᠤᠨ ᠳᠠᠪᠱᠢᠯᠲᠠ᠎ᠶᠢ ᠲᠦᠷᠬᠡᠳᠬᠡᠵᠤ᠂ ᠪᠡᠶ᠎ᠡ᠎ᠪᠠᠨ ᠳᠠᠭᠠᠭᠠᠵᠤ ᠱᠢᠨ᠎ᠡ᠎ᠶᠢ ᠡᠬᠦᠳᠬᠦ ᠴᠢᠳᠠᠪᠦᠷᠢ᠎ᠶᠢ ᠳᠡᠭᠡᠭᠱᠢᠯᠡᠬᠦᠯᠦᠨ᠂ ᠱᠢᠨᠵᠢᠯᠡᠬᠦ ᠣᠬᠠᠭᠠᠨ ᠮᠡᠷᠭᠡᠵᠢᠯ᠎ᠤᠨ ᠦᠷ᠎ᠡ ᠪᠦᠲᠦᠭᠡᠯ᠎ᠢ ᠪᠣᠲᠠᠲᠤ ᠦᠢᠯᠡᠳᠪᠦᠷᠢᠯᠡᠯ᠎ᠤᠨ ᠬᠦᠴᠦᠨ ᠪᠣᠯᠭᠠᠨ ᠬᠤᠪᠢᠷᠠᠭᠤᠯᠬᠤ᠎ᠶᠢ ᠲᠦᠯᠬᠢᠨ ᠠᠬᠢᠭᠤᠯᠵᠤ᠂ ᠱᠢᠨ᠎ᠡ᠎ᠶᠢ ᠡᠬᠦᠳᠬᠦ᠎ᠪᠠᠷ ᠬᠦᠳᠡᠯᠬᠡᠬᠦ ᠬᠦᠴᠦᠨ ᠪᠣᠯᠭᠠᠭᠰᠠᠨ ᠬᠦᠭᠵᠢᠯᠲᠡ᠎ᠶᠢ ᠪᠡᠶᠡᠯᠡᠬᠦᠯᠬᠦ᠎ᠶᠢᠨ ᠲᠦᠯᠦᠭᠡ᠂ 《ᠪᠦᠬᠦᠲᠡ ᠨᠠᠢᠷᠠᠮᠳᠠᠬᠤ ᠲᠣᠮᠲᠠᠲᠤ ᠠᠷᠠᠳ ᠣᠯᠤᠰ᠎ᠤᠨ ᠱᠢᠨᠵᠢᠯᠡᠬᠦ ᠣᠬᠠᠭᠠᠨ ᠮᠡᠷᠭᠡᠵᠢᠯ᠎ᠤᠨ ᠳᠠᠪᠱᠢᠯᠲᠠ᠎ᠶᠢᠨ ᠬᠠᠤᠯᠢ》᠎ᠶᠢ ᠦᠨᠳᠦᠰᠦᠯᠡᠨ᠂ ᠦᠪᠡᠷᠲᠡᠭᠡᠨ ᠵᠠᠰᠠᠬᠤ ᠣᠷᠤᠨ᠎ᠤ ᠪᠣᠲᠠᠲᠤ ᠪᠠᠢᠳᠠᠯ᠎ᠲᠠᠢ᠎ᠪᠠᠨ ᠣᠶᠠᠯᠳᠤᠭᠤᠯᠵᠤ᠂   ᠲᠣᠰ ᠳᠦᠷᠢᠮ᠎ᠢ ᠲᠣᠭᠲᠠᠭᠠᠪᠠ᠃

  ᠬᠤᠶᠠᠳᠤᠭᠠᠷ ᠵᠦᠢᠯ  ᠦᠪᠡᠷᠲᠡᠭᠡᠨ ᠵᠠᠰᠠᠬᠤ ᠣᠷᠤᠨ᠎ᠤ ᠵᠠᠰᠠᠭ ᠵᠠᠬᠢᠷᠭᠠᠨ᠎ᠤ ᠣᠷᠤᠨ᠎ᠤ ᠲᠣᠲᠤᠷ᠎ᠠ ᠱᠢᠨᠵᠢᠯᠡᠬᠦ ᠣᠬᠠᠭᠠᠨ ᠮᠡᠷᠭᠡᠵᠢᠯ᠎ᠤᠨ ᠰᠣᠳᠤᠯᠭᠠᠨ ᠬᠢᠭᠡᠳ ᠨᠡᠭᠡᠭᠡᠯᠲᠡ᠂ ᠱᠢᠨᠵᠢᠯᠡᠬᠦ ᠣᠬᠠᠭᠠᠨ ᠮᠡᠷᠭᠡᠵᠢᠯ᠎ᠤᠨ ᠬᠡᠷᠡᠭᠯᠡᠭᠡ ᠬᠢᠭᠡᠳ ᠲᠦᠭᠡᠮᠡᠯᠵᠢᠬᠦᠯᠦᠯ ᠪᠠ ᠱᠢᠨᠵᠢᠯᠡᠬᠦ ᠣᠬᠠᠭᠠᠨ ᠮᠡᠷᠭᠡᠵᠢᠯ᠎ᠤᠨ ᠬᠦᠭᠵᠢᠯᠲᠡ ᠬᠢᠭᠡᠳ ᠪᠠᠲᠤᠯᠠᠭ᠎ᠠ ᠵᠡᠷᠭᠡ ᠠᠵᠢᠯᠯᠠᠭ᠎ᠠ᠎ᠶᠢ ᠡᠷᠬᠢᠯᠡᠬᠦ᠎ᠳᠤ᠂ ᠲᠣᠰ ᠳᠦᠷᠢᠮ᠎ᠢ ᠬᠡᠷᠡᠭᠯᠡᠨ᠎ᠡ᠃

  ᠭᠤᠷᠪᠠᠳᠤᠭᠠᠷ ᠵᠦᠢᠯ  ᠱᠢᠨᠵᠢᠯᠡᠬᠦ ᠣᠬᠠᠭᠠᠨ ᠮᠡᠷᠭᠡᠵᠢᠯ᠎ᠤᠨ ᠠᠵᠢᠯ᠎ᠨᠢ ᠪᠡᠶ᠎ᠡ᠎ᠪᠠᠨ ᠳᠠᠭᠠᠭᠠᠵᠤ ᠱᠢᠨ᠎ᠡ᠎ᠶᠢ ᠡᠬᠦᠳᠬᠦ᠂ ᠭᠤᠤᠯᠳᠠᠯᠭ᠎ᠠ᠎ᠲᠠᠢ ᠱᠢᠪᠳᠤᠯᠤᠯᠳᠠ ᠬᠢᠬᠦ᠂ ᠬᠦᠭᠵᠢᠯᠲᠡ᠎ᠶᠢ ᠲᠣᠯᠭᠠᠭᠤᠷᠢᠯᠠᠬᠤ᠂ ᠢᠷᠡᠭᠡᠳᠦᠢ ᠲᠡᠢᠱᠢ ᠬᠦᠲᠦᠯᠦᠨ ᠵᠢᠯᠤᠭᠤᠳᠭᠤ ᠴᠢᠭᠯᠡᠯᠲᠡ᠎ᠶᠢ ᠵᠢᠷᠤᠮᠯᠠᠨ᠂ ᠦᠪᠡᠷᠲᠡᠭᠡᠨ ᠵᠠᠰᠠᠬᠤ ᠣᠷᠤᠨ᠎ᠤ ᠠᠵᠤ ᠦᠢᠯᠡᠰ᠎ᠤᠨ  ᠣᠨᠴᠠᠯᠢᠭ᠎ᠲᠠᠢ ᠣᠷᠤᠨ ᠨᠣᠳᠤᠭ᠎ᠤᠨ ᠱᠢᠨ᠎ᠡ᠎ᠶᠢ ᠡᠭᠦᠳᠬᠦ ᠱᠢᠰᠲᠧᠮ᠎ᠢ ᠪᠠᠢᠭᠤᠯᠬᠤ ᠬᠡᠷᠡᠭᠲᠠᠢ᠃    

  ᠲᠥᠷᠪᠡᠳᠦᠭᠡᠷ ᠵᠦᠢᠯ  ᠦᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ ᠦᠪᠡᠷᠲᠡᠭᠡᠨ ᠵᠠᠰᠠᠬᠤ ᠣᠷᠤᠨ᠎ᠤ ᠱᠢᠨᠵᠢᠯᠡᠬᠦ ᠣᠬᠠᠭᠠᠨ ᠮᠡᠷᠭᠡᠵᠢᠯ᠎ᠤᠨ ᠬᠦᠭᠵᠢᠯᠲᠡ᠎ᠶᠢᠨ ᠲᠦᠯᠦᠪᠵᠢᠬᠦᠯᠬᠡ᠎ᠶᠢ ᠲᠣᠭᠲᠠᠭᠠᠵᠤ᠂ ᠱᠢᠨᠵᠢᠯᠡᠬᠦ ᠣᠬᠠᠭᠠᠨ ᠮᠡᠷᠭᠡᠵᠢᠯ᠎ᠤᠨ ᠴᠢᠬᠤᠯᠠ ᠶᠡᠭᠡ ᠲᠦᠷᠦᠯ ᠵᠦᠢᠯ᠂ ᠱᠢᠨᠵᠢᠯᠡᠬᠦ ᠣᠬᠠᠭᠠᠨ ᠮᠡᠷᠭᠡᠵᠢᠯ᠎ᠲᠠᠢ ᠨᠢᠭᠲᠠ ᠬᠤᠯᠪᠤᠭ᠎ᠠ᠎ᠲᠠᠢ ᠴᠢᠬᠤᠯᠠ ᠶᠡᠭᠡ ᠲᠦᠷᠦᠯ ᠵᠦᠢᠯ᠎ᠢ ᠲᠣᠭᠲᠠᠭᠠᠵᠤ᠂ ᠱᠢᠨᠵᠢᠯᠡᠬᠦ ᠣᠬᠠᠭᠠᠨ ᠮᠡᠷᠭᠡᠵᠢᠯ᠎ᠤᠨ ᠲᠠᠪᠱᠢᠯᠲᠠ᠂ ᠠᠵᠤ ᠠᠬᠤᠢ᠎ᠶᠢᠨ ᠪᠦᠲᠦᠭᠡᠨ ᠪᠠᠢᠭᠤᠯᠤᠯᠲᠠ ᠪᠠ ᠨᠡᠢᠭᠡᠮ᠎ᠤᠨ ᠬᠦᠭᠵᠢᠯᠲᠡ᠎ᠲᠠᠢ ᠬᠠᠷᠢᠯᠴᠠᠨ ᠵᠣᠬᠢᠴᠠᠬᠤ᠎ᠶᠢ ᠪᠠᠲᠤᠯᠠᠬᠤ ᠬᠡᠷᠡᠭᠲᠠᠢ᠃

  ᠬᠤᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ ᠱᠢᠨᠵᠢᠯᠡᠬᠦ ᠣᠬᠠᠭᠠᠨ ᠮᠡᠷᠭᠡᠵᠢᠯ᠎ᠤᠨ ᠳᠠᠪᠱᠢᠯᠲᠠ᠎ᠶᠢᠨ ᠠᠵᠢᠯ᠎ᠢ ᠣᠯᠤᠰ ᠠᠷᠠᠳ᠎ᠤᠨ ᠠᠵᠤ ᠠᠬᠤᠢ ᠪᠠ ᠨᠡᠢᠭᠡᠮ᠎ᠤᠨ ᠬᠦᠭᠵᠢᠯᠲᠡ᠎ᠶᠢᠨ ᠲᠦᠯᠦᠪᠵᠢᠬᠦᠯᠬᠡ᠎ᠳᠤ᠎ᠪᠠᠨ ᠣᠷᠤᠭᠤᠯᠵᠤ᠂ ᠱᠢᠨᠵᠢᠯᠡᠬᠦ ᠣᠬᠠᠭᠠᠨ ᠮᠡᠷᠭᠡᠵᠢᠯ᠎ᠤᠨ ᠳᠠᠪᠱᠢᠯᠲᠠ᠎ᠶᠢ ᠲᠦᠯᠬᠢᠨ ᠠᠬᠢᠭᠤᠯᠬᠤ ᠬᠡᠷᠡᠭᠲᠡᠢ

  ᠲᠠᠪᠤᠳᠤᠭᠠᠷ ᠵᠦᠢᠯ  ᠬᠤᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠤ ᠱᠢᠨᠵᠢᠯᠡᠬᠦ ᠣᠬᠠᠭᠠᠨ ᠮᠡᠷᠭᠡᠵᠢᠯ᠎ᠤᠨ ᠵᠠᠰᠠᠭ ᠵᠠᠬᠢᠷᠭᠠᠨ᠎ᠤ ᠰᠠᠯᠠᠭ᠎ᠠ ᠮᠦᠴᠢᠷ ᠵᠠᠰᠠᠭ ᠵᠠᠬᠢᠷᠭᠠᠨ᠎ᠤ ᠣᠷᠤᠨ᠎ᠤ᠎ᠪᠠᠨ ᠳᠣᠳᠤᠷᠠᠬᠢ ᠱᠢᠨᠵᠢᠯᠡᠬᠦ ᠣᠬᠠᠭᠠᠨ ᠮᠡᠷᠭᠡᠵᠢᠯ᠎ᠤᠨ ᠳᠠᠪᠱᠢᠯᠲᠠ᠎ᠶᠢᠨ ᠠᠵᠢᠯ᠎ᠢ ᠬᠠᠷᠢᠭᠤᠴᠠᠨ᠎ᠠ᠃

  ᠬᠤᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠤ ᠪᠣᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ ᠲᠣᠰ ᠲᠣᠰ᠎ᠤᠨ ᠲᠣᠱᠢᠶᠠᠯ ᠬᠠᠷᠢᠭᠤᠴᠠᠯᠭ᠎ᠠ᠎ᠶᠢᠨ ᠬᠡᠪᠴᠢᠶᠠᠨ ᠲᠣᠲᠤᠷ᠎ᠠ᠎ᠪᠠᠨ ᠱᠢᠨᠵᠢᠯᠡᠬᠦ ᠣᠬᠠᠭᠠᠨ ᠮᠡᠷᠭᠡᠵᠢᠯ᠎ᠤᠨ ᠳᠠᠪᠱᠢᠯᠲᠠ᠎ᠲᠠᠢ ᠬᠤᠯᠪᠤᠭᠳᠠᠬᠤ ᠠᠵᠢᠯ᠎ᠢ ᠬᠠᠷᠢᠭᠤᠴᠠᠨ᠎ᠠ᠃

  ᠵᠢᠷᠭᠤᠳᠤᠭᠠᠷ ᠵᠦᠢᠯ  ᠠᠯᠪᠠᠨ ᠪᠠᠢᠭᠤᠯᠭ᠎ᠠ᠂ ᠠᠵᠤ ᠠᠬᠤᠢᠯᠠᠯ ᠠᠵᠢᠯ ᠦᠢᠯᠡᠰ᠎ᠤᠨ ᠵᠣᠬᠢᠶᠠᠨ ᠪᠠᠢᠭᠤᠯᠤᠯᠲᠠ᠂ ᠨᠡᠢᠭᠡᠮ᠎ᠤᠨ ᠪᠦᠯᠬᠦᠮ ᠪᠠ ᠠᠷᠠᠳ ᠢᠷᠭᠡᠳ᠎ᠤᠨ ᠱᠢᠨᠵᠢᠯᠡᠬᠦ ᠣᠬᠠᠭᠠᠨ ᠮᠡᠷᠭᠡᠵᠢᠯ᠎ᠤᠨ ᠳᠠᠪᠱᠢᠯᠲᠠ᠎ᠶᠢᠨ ᠠᠵᠢᠯᠯᠠᠭ᠎ᠠ᠎ᠳᠤ ᠣᠷᠤᠯᠴᠠᠬᠤ ᠪᠠ ᠳᠡᠮᠵᠢᠬᠦ᠎ᠶᠢ ᠵᠣᠷᠢᠭᠵᠢᠭᠤᠯᠤᠨ᠎ᠠ᠃

  ᠬᠢᠯᠢ᠎ᠶᠢᠨ ᠲᠣᠲᠤᠭᠠᠲᠤ ᠭᠠᠳᠠᠭᠠᠲᠤ᠎ᠶᠢᠨ ᠵᠣᠬᠢᠶᠠᠨ ᠪᠠᠢᠭᠤᠯᠤᠯᠲᠠ ᠪᠣᠶᠤ ᠬᠤᠪᠢ ᠬᠦᠮᠦᠨ ᠡᠯ᠎ᠡ ᠲᠦᠷᠦᠯ᠎ᠤᠨ ᠱᠢᠨᠵᠢᠯᠡᠬᠦ ᠣᠬᠠᠭᠠᠨ᠎ᠤ ᠰᠠᠭᠤᠷᠢ ᠮᠦᠩᠬᠦ  ᠪᠠᠢᠭᠤᠯᠬᠤ᠎ᠶᠢ ᠵᠣᠷᠢᠭᠵᠢᠭᠤᠯᠵᠤ᠂ ᠱᠢᠨᠵᠢᠯᠡᠬᠦ ᠣᠬᠠᠭᠠᠨ᠎ᠤ ᠰᠣᠳᠤᠯᠭᠠᠨ᠂ ᠮᠡᠷᠭᠡᠵᠢᠯ᠎ᠤᠨ ᠨᠡᠭᠡᠭᠡᠯᠲᠡ᠂ ᠱᠢᠨᠵᠢᠯᠡᠬᠦ ᠣᠬᠠᠭᠠᠨ ᠮᠡᠷᠭᠡᠵᠢᠯ᠎ᠤᠨ ᠦᠷ᠎ᠡ ᠪᠦᠲᠦᠭᠡᠯ᠎ᠢ ᠳᠡᠯᠭᠡᠷᠡᠬᠦᠯᠦᠨ ᠬᠡᠷᠡᠭᠯᠡᠬᠦ᠂ ᠱᠢᠯᠢᠳᠡᠭ ᠱᠢᠨᠵᠢᠯᠡᠬᠦ ᠣᠬᠠᠭᠠᠨ ᠮᠡᠷᠭᠡᠵᠢᠯ᠎ᠤᠨ ᠬᠡᠪᠯᠡᠭᠳᠡᠬᠦᠨ᠎ᠢ ᠬᠡᠪᠯᠡᠬᠦ ᠵᠢᠴᠢ ᠱᠢᠨᠵᠢᠯᠡᠬᠦ ᠣᠬᠠᠭᠠᠨ ᠮᠡᠷᠭᠡᠵᠢᠯ᠎ᠤᠨ ᠴᠢᠳᠠᠪᠦᠷᠢᠲᠠᠨ᠎ᠢ ᠱᠠᠩᠨᠠᠨ ᠬᠦᠬᠢᠬᠦᠯᠬᠦ᠎ᠳᠤ ᠬᠡᠷᠡᠭᠯᠡᠨ᠎ᠡ᠃

  ᠲᠤᠯᠤᠳᠤᠭᠠᠷ ᠵᠦᠢᠯ  ᠬᠤᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ ᠱᠢᠨᠵᠢᠯᠡᠬᠦ ᠣᠬᠠᠭᠠᠨ ᠮᠡᠷᠭᠡᠵᠢᠯ᠎ᠤᠨ ᠳᠠᠪᠱᠢᠯᠳᠠ᠎ᠶᠢ ᠱᠠᠩᠨᠠᠨ ᠬᠦᠬᠢᠬᠦᠯᠬᠦ᠎ᠶᠢ ᠬᠢᠨᠠᠨ ᠲᠣᠭᠲᠠᠭᠠᠬᠤ ᠱᠢᠰᠲᠧᠮ᠎ᠳᠤ ᠦᠭᠡᠷᠡᠴᠢᠯᠡᠯᠲᠡ ᠬᠢᠵᠤ ᠲᠡᠬᠦᠯᠳᠡᠷᠵᠢᠬᠦᠯᠦᠨ᠂ ᠱᠢᠨᠵᠢᠯᠡᠬᠦ ᠣᠬᠠᠭᠠᠨ ᠮᠡᠷᠭᠡᠵᠢᠯ᠎ᠤᠨ ᠳᠠᠪᠱᠢᠯᠲᠠ᠎ᠶᠢᠨ ᠠᠵᠢᠯᠯᠠᠭ᠎ᠠ᠎ᠳᠤ ᠴᠢᠬᠤᠯᠠ ᠬᠤᠪᠢ ᠨᠡᠮᠡᠷᠢ᠎ᠲᠠᠢ ᠵᠣᠬᠢᠶᠠᠨ ᠪᠠᠢᠭᠤᠯᠤᠯᠲᠠ ᠪᠠ ᠬᠤᠪᠢ ᠬᠦᠮᠦᠨ᠎ᠢ ᠬᠦᠬᠢᠭᠦᠯᠦᠨ ᠰᠠᠢᠱᠢᠶᠠᠬᠤ ᠬᠡᠷᠡᠭᠲᠠᠢ᠃

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ᠎ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ᠎ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ᠎ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠩᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604