ᠦᠪᠤᠷ ᠮᠣᠩᠭᠤᠯ᠎ᠤᠨ ᠦᠪᠡᠷᠲᠡᠭᠡᠨ ᠵᠠᠰᠠᠬᠤ ᠣᠷᠤᠨ᠎ᠤ ᠱᠢᠨᠵᠢᠯᠡᠬᠦ ᠣᠬᠠᠭᠠᠨ ᠮᠡᠷᠭᠡᠵᠢᠯ᠎ᠤᠨ ᠲᠠᠪᠱᠢᠯᠲᠠ᠎ᠶᠢᠨ ᠳᠦᠷᠢᠮ (ᠬᠣᠶᠠᠳᠤᠭᠠᠷ ᠪᠦᠯᠦᠭ)
2020.03.16

(1996᠎ᠣᠨ᠎ᠤ 6᠎ᠳᠤᠭᠠᠷ ᠰᠠᠷ᠎ᠠ᠎ᠶᠢᠨ 1᠎ᠤ ᠡᠳᠦᠷ ᠦᠪᠤᠷ ᠮᠤᠩᠭᠤᠯ᠎ᠤᠨ ᠦᠪᠠᠷᠳᠡᠭᠡᠨ ᠵᠠᠰᠠᠬᠤ ᠤᠷᠤᠨ᠎ᠤ ᠨᠠᠢ᠍ᠮᠠᠳᠤᠭᠠᠷ ᠬᠤᠭᠤᠴᠠᠭᠠᠨ᠎ᠤ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢᠩᠭᠤ᠎ᠶᠢᠨ ᠬᠤᠷᠢᠶ᠎ᠠ᠎ᠶᠢᠨ ᠬᠤᠶᠠᠳᠤᠭᠠᠷ ᠬᠤᠷᠠᠯ᠎ᠠᠴᠠ ᠪᠠᠳᠤᠯᠠᠵᠦ᠂ 2014 ᠣᠨ᠎ᠤ 5᠎ᠳᠤᠭᠠᠷ ᠰᠠᠷ᠎ᠠ᠎ᠶᠢᠨ 9᠎ᠤ ᠡᠳᠦᠷ ᠦᠪᠤᠷ ᠮᠤᠩᠭᠤᠯ᠎ᠤᠨ ᠦᠪᠠᠷᠳᠡᠭᠡᠨ ᠵᠠᠰᠠᠬᠤ ᠤᠷᠤᠨ᠎ᠤ ᠠᠷᠪᠠᠨ ᠬᠤᠶᠠᠳᠤᠭᠠᠷ ᠬᠤᠭᠤᠴᠠᠭᠠᠨ᠎ᠤ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢᠩᠭᠤ᠎ᠶᠢᠨ ᠬᠤᠷᠢᠶ᠎ᠠ᠎ᠶᠢᠨ ᠠᠷᠪᠠᠳᠤᠭᠠᠷ ᠬᠤᠷᠠᠯ᠎ᠠᠴᠠ ᠵᠠᠰᠠᠪᠤᠷᠢ ᠤᠷᠤᠭᠤᠯᠪᠠ)

 

    ᠬᠤᠶᠠᠳᠤᠭᠠᠷ ᠪᠦᠯᠦᠭ  ᠱᠢᠨᠵᠢᠯᠡᠬᠦ ᠣᠬᠠᠭᠠᠨ ᠮᠡᠷᠭᠡᠵᠢᠯ᠎ᠤᠨ ᠱᠢᠨ᠎ᠡ᠎ᠶᠢ ᠡᠬᠦᠳᠬᠦ ᠠᠵᠢᠯᠯᠠᠭ᠎ᠠ

 

  

  ᠨᠠᠢ᠍ᠮᠠᠳᠤᠭᠠᠷ ᠵᠦᠢᠯ  ᠦᠪᠡᠷᠲᠡᠭᠡᠨ ᠵᠠᠰᠠᠬᠤ ᠣᠷᠤᠨ ᠪᠠᠢᠭᠠᠯᠢ᠎ᠶᠢᠨ ᠱᠢᠨᠵᠢᠯᠡᠬᠦ ᠣᠬᠠᠭᠠᠨ᠎ᠤ ᠰᠠᠭᠤᠷᠢ ᠮᠦᠩᠬᠦ ᠭᠠᠷᠭᠠᠵᠤ᠂ ᠰᠠᠭᠤᠷᠢ ᠰᠣᠳᠤᠯᠭᠠᠨ ᠪᠠ ᠬᠡᠷᠡᠭᠯᠡᠭᠡᠨ᠎ᠤ ᠰᠠᠭᠤᠷᠢ ᠰᠣᠳᠤᠯᠭᠠᠨ᠎ᠢ ᠳᠡᠮᠵᠢᠵᠦ᠂ ᠱᠢᠨᠵᠢᠯᠡᠬᠦ ᠣᠬᠠᠭᠠᠨᠮᠡᠷᠭᠡᠵᠢᠯ᠎ᠤᠨ ᠴᠢᠳᠠᠪᠦᠷᠢᠲᠠᠨ᠎ᠢ ᠬᠥᠮᠦᠵᠢᠭᠦᠯᠦᠨ᠎ᠡ ᠃  

  ᠦᠪᠡᠷᠲᠡᠭᠡᠨ ᠵᠠᠰᠠᠬᠤ ᠣᠷᠤᠨ ᠬᠡᠷᠡᠭᠯᠡᠭᠡᠨ᠎ᠤ ᠮᠡᠷᠭᠡᠵᠢᠯ᠎ᠤᠨ ᠰᠣᠳᠤᠯᠭᠠᠨ ᠬᠢᠭᠡᠳ ᠨᠡᠭᠡᠭᠡᠯᠲᠠ᠎ᠶᠢᠨ ᠪᠡᠯᠡ ᠮᠦᠩᠬᠦ᠂ ᠱᠢᠨᠵᠢᠯᠡᠬᠦ ᠣᠬᠠᠭᠠᠨ ᠮᠡᠷᠭᠡᠵᠢᠯ᠎ᠤᠨ ᠴᠢᠬᠤᠯᠠ ᠶᠡᠭᠡ ᠲᠣᠰᠭᠠᠢ ᠲᠦᠷᠦᠯ᠎ᠤᠨ ᠪᠡᠯᠡ ᠮᠦᠩᠬᠦ᠂ ᠱᠢᠨᠵᠢᠯᠡᠬᠦ ᠣᠬᠠᠭᠠᠨ ᠮᠡᠷᠭᠡᠵᠢᠯ᠎ᠤᠨ ᠱᠢᠨ᠎ᠡ᠎ᠶᠢ ᠡᠬᠦᠳᠬᠦ ᠵᠢᠯᠤᠭᠤᠳᠤᠮᠵᠢ᠎ᠶᠢᠨ ᠱᠠᠩᠨᠠᠯ ᠬᠦᠬᠢᠬᠦᠯᠦᠯ᠎ᠤᠨ ᠪᠡᠯᠡ ᠮᠦᠩᠬᠦ ᠵᠡᠷᠭᠡ ᠲᠣᠰᠭᠠᠢ ᠲᠦᠷᠦᠯ᠎ᠤᠨ ᠪᠡᠯᠡ ᠮᠦᠩᠬᠦ ᠭᠠᠷᠭᠠᠵᠤ᠂ ᠱᠢᠨᠵᠢᠯᠡᠬᠦ ᠣᠬᠠᠭᠠᠨ ᠮᠡᠷᠭᠡᠵᠢᠯ᠎ᠤᠨ ᠰᠣᠳᠤᠯᠭᠠᠨ᠂ ᠨᠡᠭᠡᠭᠡᠯᠲᠠ ᠵᠢᠴᠢ ᠠᠵᠤ ᠦᠢᠯᠡᠳᠪᠦᠷᠢᠵᠢᠯᠲᠡ᠎ᠶᠢᠨ ᠵᠢᠱ᠌ᠢᠶ᠎ᠡ ᠦᠵᠡᠬᠦᠯᠬᠦ ᠱᠢᠰᠲᠧᠮ᠎ᠤᠨ ᠳᠡᠪᠴᠠᠩ᠎ᠤᠨ  ᠪᠠᠢᠭᠤᠯᠤᠯᠲᠠ᠎ᠶᠢ ᠳᠡᠮᠵᠢᠨ᠎ᠡ᠃

  ᠶᠢᠰᠦᠳᠦᠭᠡᠷ ᠵᠦᠢᠯ  ᠦᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ᠂ ᠠᠢᠮᠠᠭ᠎ᠤᠨ ᠵᠠᠬᠢᠷᠭ᠎ᠠ᠂ ᠲᠣᠭᠤᠷᠢᠭ᠎ᠲᠠᠢ ᠬᠤᠲᠠ᠎ᠶᠢᠨ ᠠᠷᠠᠳ᠎ᠤᠨ ᠵᠠᠰᠠᠭ᠎ᠤᠨ ᠣᠷᠳᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠵᠦᠬᠡᠯᠡᠨ ᠱᠢᠨᠵᠢᠯᠡᠬᠦ ᠣᠬᠠᠭᠠᠨ᠎ᠤ ᠰᠣᠳᠤᠯᠭᠠᠨ᠎ᠤ ᠲᠦᠷᠦᠯ ᠵᠦᠢᠯ᠎ᠢ ᠪᠠᠢᠭᠤᠯᠵᠤ᠂ ᠪᠠᠢᠯᠳᠤᠬᠤ ᠪᠣᠳᠤᠯᠭ᠎ᠠ᠎ᠶᠢᠨ ᠲᠦᠯᠦᠪᠵᠢᠬᠦᠯᠭᠡ᠂ ᠲᠦᠷᠦ᠎ᠶᠢᠨ ᠪᠣᠳᠤᠯᠭ᠎ᠠ ᠬᠠᠤᠯᠢ ᠲᠣᠭᠲᠠᠭᠠᠯ ᠵᠡᠷᠭᠡ ᠲᠠᠯ᠎ᠠ᠎ᠶᠢᠨ ᠵᠦᠬᠡᠯᠡᠨ ᠱᠢᠨᠵᠢᠯᠡᠬᠦ ᠣᠬᠠᠭᠠᠨ᠎ᠤ ᠰᠣᠳᠤᠯᠭᠠᠨ ᠦᠷᠨᠢᠬᠦᠯᠬᠦ᠎ᠶᠢ ᠳᠡᠮᠵᠢᠵᠤ᠂ ᠪᠠᠢᠭᠠᠯᠢ᠎ᠶᠢᠨ ᠱᠢᠨᠵᠢᠯᠡᠬᠦ ᠣᠬᠠᠭᠠᠨ ᠬᠢᠭᠡᠳ ᠬᠦᠮᠦᠨ ᠨᠡᠢᠭᠡᠮ᠎ᠤᠨ ᠱᠢᠨᠵᠢᠯᠡᠬᠦ ᠣᠬᠠᠭᠠᠨ᠎ᠤ ᠰᠣᠯᠪᠢᠴᠠᠨ ᠣᠶᠠᠯᠳᠤᠬᠤ᠎ᠶᠢ ᠠᠬᠢᠭᠤᠯᠵᠤ᠂ ᠱᠢᠨᠵᠢᠯᠡᠬᠦ ᠣᠬᠠᠭᠠᠨᠴᠢ᠎ᠪᠠᠷ ᠱᠢᠢᠳᠪᠦᠷᠢᠲᠤ ᠪᠣᠳᠤᠯᠭ᠎ᠠ ᠲᠣᠭᠲᠠᠭᠠᠬᠤ᠎ᠳᠤ ᠣᠨᠤᠯ ᠪᠣᠯᠤᠨ ᠠᠷᠭ᠎ᠠ ᠪᠣᠳᠤᠯᠭ᠎ᠠ ᠬᠠᠩᠭᠠᠬᠤ ᠬᠡᠷᠡᠭᠲᠠᠢ᠃

  ᠠᠷᠪᠠᠳᠤᠭᠠᠷ ᠵᠦᠢᠯ  ᠦᠪᠡᠷᠲᠡᠭᠡᠨ ᠵᠠᠰᠠᠬᠤ ᠣᠷᠤᠨ᠎ᠠᠴᠠ ᠳᠡᠭᠡᠲᠦ ᠱᠢᠨ᠎ᠡ ᠮᠡᠷᠬᠡᠵᠢᠯ᠎ᠤᠨ ᠰᠣᠳᠤᠯᠭᠠᠨ ᠪᠠ ᠳᠡᠭᠡᠲᠦ ᠱᠢᠨ᠎ᠡ ᠮᠡᠷᠭᠡᠵᠢᠯ᠎ᠢ ᠠᠵᠤ ᠦᠢᠯᠡᠰᠵᠢᠭᠦᠯᠦᠨ ᠨᠡᠭᠡᠭᠡᠯᠲᠡ ᠬᠢᠬᠦ᠎ᠶᠢ ᠵᠣᠷᠢᠭᠵᠢᠭᠤᠯᠬᠤ ᠪᠠ ᠲᠡᠮᠵᠢᠵᠤ᠂ ᠳᠡᠭᠡᠲᠦ ᠱᠢᠨ᠎ᠡ ᠮᠡᠷᠭᠡᠵᠢᠯ᠎ᠢᠶᠠᠷ ᠣᠯᠠᠮᠵᠢᠯᠠᠯᠲᠦ ᠠᠵᠤ ᠦᠢᠯᠡᠰ᠎ᠢ ᠦᠭᠡᠷᠡᠴᠢᠯᠡᠵᠤ᠂ ᠪᠠᠢᠯᠳᠤᠬᠤ ᠪᠣᠳᠤᠯᠭ᠎ᠠ᠎ᠶᠢᠨ ᠴᠢᠨᠠᠷᠳᠠᠢ ᠱᠢᠨ᠎ᠡ᠎ᠪᠠᠷ ᠮᠠᠨᠳᠤᠵᠤ ᠪᠠᠢᠭ᠎ᠠ ᠠᠵᠤ ᠦᠢᠯᠡᠰ᠎ᠢ ᠪᠣᠢᠵᠢᠭᠤᠯᠬᠤ ᠪᠠ ᠬᠦᠭᠵᠢᠬᠦᠯᠦᠨ᠎ᠡ᠃

  ᠬᠤᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠤ ᠱᠢᠨᠵᠢᠯᠡᠬᠦ ᠣᠬᠠᠭᠠᠨ ᠮᠡᠷᠭᠡᠵᠢᠯ᠎ᠤᠨ ᠵᠠᠰᠠᠭ ᠵᠠᠬᠢᠷᠭᠠᠨ᠎ᠤ ᠰᠠᠯᠠᠭ᠎ᠠ ᠮᠦᠴᠢᠷ ᠪᠠ ᠪᠣᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ ᠲᠡᠭᠡᠳᠦ ᠱᠢᠨ᠎ᠡ ᠮᠡᠷᠭᠡᠵᠢᠯ᠎ᠤᠨ ᠠᠵᠤ ᠦᠢᠯᠡᠰ ᠪᠠ ᠪᠠᠢᠯᠳᠤᠬᠤ ᠪᠣᠳᠤᠯᠭ᠎ᠠ᠎ᠶᠢᠨ ᠴᠢᠨᠠᠷᠳᠠᠢ ᠱᠢᠨ᠎ᠡ᠎ᠪᠠᠷ ᠮᠠᠨᠳᠤᠵᠤ ᠪᠠᠢᠭ᠎ᠠ ᠠᠵᠤ ᠦᠢᠯᠡᠰ᠎ᠤᠨ ᠬᠦᠭᠵᠢᠯᠲᠡ᠎ᠶᠢᠨ ᠭᠤᠤᠯᠳᠠᠯᠭ᠎ᠠ ᠬᠢᠭᠡᠳ ᠬᠦᠷᠢᠶ᠎ᠡ ᠬᠡᠪᠴᠢᠶ᠎ᠡ᠎ᠶᠢ ᠲᠣᠭᠲᠠᠭᠠᠵᠤ᠂ ᠳᠡᠭᠡᠲᠦ ᠱᠢᠨ᠎ᠡ ᠮᠡᠷᠭᠡᠵᠢᠯ᠎ᠤᠨ ᠦᠢᠯᠡᠳᠬᠦᠨ᠎ᠢ ᠰᠣᠳᠤᠯᠤᠨ ᠦᠢᠯᠡᠳᠬᠦ ᠪᠠ ᠨᠡᠭᠡᠭᠡᠯᠲᠠ ᠬᠢᠬᠦ᠎ᠶᠢ ᠲᠡᠮᠵᠢᠵᠤ᠂ ᠳᠡᠭᠡᠲᠦ ᠱᠢᠨ᠎ᠡ ᠮᠡᠷᠭᠡᠵᠢᠯ᠎ᠤᠨ ᠰᠣᠳᠤᠯᠭᠠᠨ ᠪᠠ ᠦᠷ᠎ᠡ ᠪᠦᠲᠦᠭᠡᠯ᠎ᠢ ᠳᠡᠯᠭᠡᠷᠡᠬᠦᠯᠬᠦ ᠠᠵᠢᠯ᠎ᠢ ᠵᠣᠬᠢᠶᠠᠨ ᠪᠠᠢᠭᠤᠯᠤᠨ ᠦᠷᠨᠢᠬᠦᠯᠬᠦ ᠬᠡᠷᠡᠭᠲᠠᠢ᠃

  ᠠᠷᠪᠠᠨ ᠨᠢᠭᠡᠳᠦᠭᠡᠷ ᠵᠦᠢᠯ  ᠦᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ᠂ ᠠᠢᠮᠠᠭ᠎ᠤᠨ ᠵᠠᠬᠢᠷᠭ᠎ᠠ᠂ ᠲᠣᠭᠤᠷᠢᠭ᠎ᠲᠠᠢ ᠬᠤᠲᠠ᠎ᠶᠢᠨ ᠠᠷᠠᠳ᠎ᠤᠨ ᠵᠠᠰᠠᠭ᠎ᠤᠨ ᠣᠷᠳᠤᠨ ᠳᠡᠭᠡᠲᠦ ᠱᠢᠨ᠎ᠡ ᠮᠡᠷᠭᠡᠵᠢᠯ᠎ᠤᠨ ᠠᠵᠤ ᠦᠢᠯᠡᠰ᠎ᠤᠨ ᠨᠡᠭᠡᠭᠡᠯᠲᠡ᠎ᠶᠢᠨ ᠳᠣᠭᠤᠷᠢᠭ᠎ᠤᠨ ᠪᠦᠲᠦᠭᠡᠨ ᠪᠠᠢᠭᠤᠯᠤᠯᠲᠠ᠎ᠶᠢ ᠵᠢᠯᠤᠭᠤᠳᠭᠤ ᠪᠠ ᠳᠡᠮᠵᠢᠵᠤ᠂ ᠳᠡᠭᠡᠲᠦ ᠱᠢᠨ᠎ᠡ ᠮᠡᠷᠭᠡᠵᠢᠯ᠎ᠤᠨ ᠠᠵᠤ ᠦᠢᠯᠡᠰ᠎ᠤᠨ ᠴᠣᠭᠯᠠᠷᠠᠯ᠎ᠤᠨ ᠳᠠᠪᠠᠭᠤᠯᠢᠭ᠎ᠢ ᠪᠠᠳᠠᠷᠠᠭᠤᠯᠵᠤ᠂ ᠠᠵᠤ ᠦᠢᠯᠡᠰ᠎ᠤᠨ ᠲᠦᠪᠱᠢᠨ᠎ᠢᠶᠠᠨ ᠳᠡᠭᠡᠭᠱᠢᠯᠡᠬᠦᠯᠦᠨ᠂ ᠱᠢᠨ᠎ᠡ᠎ᠶᠢ ᠡᠬᠦᠳᠬᠦ ᠬᠢᠭᠡᠳ ᠦᠢᠯᠡᠰ ᠪᠦᠲᠦᠭᠡᠬᠦ ᠴᠢᠳᠠᠪᠦᠷᠢ᠎ᠪᠠᠨ ᠳᠡᠭᠡᠭᠱᠢᠯᠡᠭᠦᠯᠬᠦ ᠬᠡᠷᠡᠭᠳᠡᠢ᠃

  ᠠᠷᠪᠠᠨ ᠬᠤᠶᠠᠳᠤᠭᠠᠷ ᠵᠦᠢᠯ  ᠬᠤᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ ᠭᠤᠤᠯᠳᠠᠯᠭ᠎ᠠ᠎ᠲᠠᠢ ᠲᠣᠷᠱᠢᠯᠲᠠ᠎ᠶᠢᠨ ᠲᠠᠰᠤᠭ᠂ ᠢᠨᠵᠧᠨᠧᠷᠢᠩ᠎ᠤᠨ ᠮᠡᠷᠭᠡᠵᠢᠯ᠎ᠤᠨ ᠰᠣᠳᠤᠯᠭᠠᠨ᠎ᠤ ᠲᠦᠪ᠂ ᠢᠨᠵᠧᠨᠧᠷᠢᠩ᠎ᠤᠨ ᠰᠣᠳᠤᠯᠭᠠᠨ᠎ᠤ ᠲᠦᠪ᠂ ᠱᠢᠨᠵᠢᠯᠡᠬᠦ ᠣᠬᠠᠭᠠᠨ ᠮᠡᠷᠭᠡᠵᠢᠯ᠎ᠤᠨ ᠵᠠᠪᠰᠠᠷ᠎ᠤᠨ ᠲᠣᠷᠱᠢᠯᠲᠠ᠎ᠶᠢᠨ ᠰᠠᠭᠤᠷᠢᠨ᠂ ᠱᠢᠨᠵᠢᠯᠡᠬᠦ ᠣᠬᠠᠭᠠᠨ ᠮᠡᠷᠭᠡᠵᠢᠯ᠎ᠤᠨ ᠠᠵᠤ ᠦᠢᠯᠡᠰ᠎ᠤᠨ  ᠵᠢᠱ᠌ᠢᠶ᠎ᠡ ᠦᠵᠡᠬᠦᠯᠬᠦ ᠬᠦᠷᠢᠶᠡᠯᠡᠩ ᠪᠠ ᠠᠵᠤ ᠦᠢᠯᠡᠰ᠎ᠤᠨ ᠮᠡᠷᠭᠡᠵᠢᠯ᠎ᠤᠨ ᠱᠢᠨ᠎ᠡ᠎ᠶᠢ ᠡᠬᠦᠳᠬᠦ ᠪᠠᠢᠯᠳᠤᠬᠤ ᠪᠣᠳᠤᠯᠭ᠎ᠠ᠎ᠶᠢᠨ ᠬᠤᠯᠪᠤᠭᠠᠯᠠᠯ ᠵᠡᠷᠭᠡ ᠱᠢᠨ᠎ᠡ᠎ᠶᠢ ᠡᠬᠦᠳᠬᠦ ᠲᠠᠪᠴᠠᠩ᠎ᠤᠨ ᠪᠠᠢᠭᠤᠯᠤᠯᠲᠠ᠎ᠶᠢ ᠲᠡᠮᠵᠢᠵᠤ᠂ ᠡᠬᠢ ᠪᠠᠶᠠᠯᠢᠭ᠎ᠢ ᠬᠠᠮᠲᠤ᠎ᠪᠡᠷ ᠡᠳ᠋ᠯᠡᠬᠦ᠎ᠶᠢ ᠲᠦᠯᠬᠢᠨ ᠠᠬᠢᠭᠤᠯᠵᠤ᠂ ᠪᠡᠶ᠎ᠡ᠎ᠪᠠᠨ ᠳᠠᠭᠠᠭᠠᠵᠤ ᠱᠢᠨ᠎ᠡ᠎ᠶᠢ ᠡᠬᠦᠳᠬᠦ ᠲᠦᠪᠱᠢᠨ᠎ᠢᠶᠠᠨ ᠳᠡᠭᠡᠭᠱᠢᠯᠡᠬᠦᠯᠬᠦ ᠬᠡᠷᠡᠭᠲᠠᠢ᠃

  ᠠᠷᠪᠠᠨ ᠭᠤᠷᠪᠠᠳᠤᠭᠠᠷ ᠵᠦᠢᠯ  ᠦᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠱᠢᠨᠵᠢᠯᠡᠬᠦ ᠣᠬᠠᠭᠠᠨ ᠮᠡᠷᠭᠡᠵᠢᠯ᠎ᠤᠨ ᠵᠠᠰᠠᠭ ᠵᠠᠬᠢᠷᠭᠠᠨ᠎ᠤ ᠰᠠᠯᠠᠭ᠎ᠠ ᠮᠦᠴᠢᠷ ᠲᠣᠮᠤ ᠬᠡᠯᠪᠡᠷᠢ᠎ᠶᠢᠨ ᠱᠢᠨᠵᠢᠯᠡᠬᠦ ᠣᠬᠠᠭᠠᠨ᠎ᠤ ᠬᠡᠮᠵᠢᠬᠦᠷᠯᠢᠭ ᠪᠡᠯᠡᠳᠬᠡᠯ ᠲᠦᠭᠦᠭᠡᠷᠦᠮᠵᠢ᠎ᠶᠢ ᠬᠠᠮᠳᠤ᠎ᠪᠡᠷ ᠡᠳ᠋ᠯᠡᠬᠦ᠎ᠶᠢ ᠨᠢᠭᠡᠳᠦᠯᠲᠠᠢ ᠲᠦᠯᠦᠪᠵᠢᠭᠦᠯᠦᠨ ᠲᠣᠬᠢᠷᠠᠭᠤᠯᠬᠤ᠎ᠶᠢ ᠬᠠᠷᠢᠭᠤᠴᠠᠵᠤ᠂ ᠲᠣᠮᠤ ᠬᠡᠯᠪᠡᠷᠢ᠎ᠶᠢᠨ ᠱᠢᠨᠵᠢᠯᠡᠬᠦ ᠣᠬᠠᠭᠠᠨ᠎ᠤ ᠬᠡᠮᠵᠢᠬᠦᠷᠯᠢᠭ ᠪᠡᠯᠡᠳᠬᠡᠯ ᠲᠦᠭᠦᠭᠡᠷᠦᠮᠵᠢ᠎ᠶᠢ ᠬᠠᠮᠳᠤ᠎ᠪᠡᠷ ᠡᠳ᠋ᠯᠡᠬᠦ ᠦᠢᠯᠡᠴᠢᠯᠡᠭᠡᠨ᠎ᠤ ᠲᠠᠪᠴᠠᠩ᠎ᠢ ᠪᠠᠢᠭᠤᠯᠤᠨ ᠳᠡᠬᠦᠯᠳᠡᠷᠵᠢᠬᠦᠯᠵᠤ᠂ ᠲᠣᠮᠤ ᠬᠡᠯᠪᠡᠷᠢ᠎ᠶᠢᠨ ᠱᠢᠨᠵᠢᠯᠡᠬᠦ ᠣᠬᠠᠭᠠᠨ᠎ᠤ ᠬᠡᠮᠵᠢᠬᠦᠷᠯᠢᠭ ᠪᠡᠯᠡᠳᠬᠡᠯ ᠲᠦᠭᠦᠭᠡᠷᠦᠮᠵᠢ᠎ᠶᠢ ᠬᠠᠮᠳᠤ᠎ᠪᠡᠷ ᠡᠳ᠋ᠯᠡᠬᠦ ᠮᠡᠳᠡᠭᠡ ᠵᠠᠩᠬᠢ᠎ᠶᠢᠨ ᠪᠠᠢᠴᠠᠭᠠᠨ ᠯᠠᠪᠯᠠᠭ᠎ᠠ᠂ ᠦᠢᠯᠡᠴᠢᠯᠡᠭᠡᠨ᠎ᠤ ᠲᠠᠨᠢᠯᠴᠠᠭᠤᠯᠭ᠎ᠠ ᠵᠡᠷᠭᠡ ᠦᠢᠯᠡᠴᠢᠯᠡᠭᠡ ᠬᠠᠮᠢᠶᠠᠷᠤᠯᠲᠠ᠎ᠶᠢᠨ ᠠᠵᠢᠯ᠎ᠢ ᠨᠡᠢᠭᠡᠮ ᠳᠠᠶᠠᠭᠠᠷ᠎ᠲᠤ ᠬᠠᠩᠭᠠᠨ᠎ᠠ᠃

  ᠠᠷᠪᠠᠨ ᠲᠥᠷᠪᠡᠳᠦᠭᠡᠷ ᠵᠦᠢᠯ  ᠬᠤᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ  ᠵᠠᠰᠠᠭ᠎ᠤᠨ ᠣᠷᠳᠤᠨ ᠮᠡᠳᠡᠯᠭᠡ᠎ᠶᠢᠨ ᠦᠮᠴᠢᠯᠡᠬᠦ ᠡᠷᠭᠡ᠎ᠶᠢᠨ ᠪᠠᠢᠯᠳᠤᠬᠤ ᠪᠣᠳᠤᠯᠭ᠎ᠠ᠎ᠶᠢ ᠲᠣᠭᠲᠠᠭᠠᠬᠤ ᠪᠠ ᠬᠡᠷᠡᠭᠵᠢᠬᠦᠯᠵᠤ᠂ ᠲᠣᠰᠭᠠᠢ ᠠᠱᠢᠭ᠎ᠤᠨ ᠡᠷᠭᠡ᠂ ᠲᠠᠸᠠᠷ᠎ᠤᠨ ᠲᠡᠮᠳᠡᠭ᠎ᠤᠨ ᠡᠷᠭᠡ ᠬᠢᠭᠡᠳ ᠵᠣᠬᠢᠶᠠᠨ ᠪᠦᠲᠦᠭᠡᠬᠦ ᠡᠷᠭᠡ ᠵᠡᠷᠭᠡ ᠮᠡᠳᠡᠯᠭᠡ᠎ᠶᠢᠨ ᠦᠮᠴᠢᠯᠡᠬᠦ ᠡᠷᠭᠡ᠎ᠶᠢ ᠡᠬᠦᠳᠦᠨ ᠪᠦᠲᠦᠭᠡᠬᠦ ᠪᠠ ᠬᠡᠷᠡᠭᠵᠢᠬᠦᠯᠬᠦ᠎ᠶᠢ ᠠᠬᠢᠭᠤᠯᠵᠤ᠂ ᠪᠡᠶ᠎ᠡ᠎ᠪᠠᠨ ᠳᠠᠭᠠᠭᠠᠭᠰᠠᠨ ᠮᠡᠳᠡᠯᠭᠡ᠎ᠶᠢᠨ ᠦᠮᠴᠢᠯᠡᠬᠦ ᠡᠷᠭᠡ᠎ᠶᠢᠨ ᠬᠠᠮᠠᠭᠠᠯᠠᠯᠲᠠ ᠪᠠ ᠬᠠᠮᠢᠶᠠᠷᠤᠯᠲᠠ᠎ᠶᠢ ᠴᠢᠩᠭᠠᠳᠭᠠᠬᠤ ᠬᠡᠷᠡᠭᠲᠠᠢ᠃

  ᠦᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ᠂ ᠠᠢᠮᠠᠭ᠎ᠤᠨ ᠵᠠᠬᠢᠷᠭ᠎ᠠ᠂ ᠲᠣᠭᠤᠷᠢᠭ᠎ᠲᠠᠢ ᠬᠤᠲᠠ᠎ᠶᠢᠨ ᠠᠷᠠᠳ᠎ᠤᠨ ᠵᠠᠰᠠᠭ᠎ᠤᠨ ᠣᠷᠳᠤᠨ ᠲᠣᠰᠭᠠᠢ ᠮᠡᠷᠭᠡᠵᠢᠯᠲᠡᠨ᠎ᠢ ᠵᠣᠬᠢᠶᠠᠨ ᠪᠠᠢᠭᠤᠯᠤᠨ᠂ ᠡᠳ᠋᠎ᠤᠨ ᠵᠠᠰᠠᠭ᠎ᠤᠨ ᠴᠢᠨᠠᠷᠲᠠᠢ ᠪᠡᠯᠡ ᠮᠦᠩᠬᠦ ᠪᠣᠶᠤ ᠣᠯᠤᠰ᠎ᠤᠨ ᠦᠮᠴᠢᠯᠡᠯ᠎ᠤᠨ ᠬᠦᠷᠦᠩᠭᠡ᠎ᠶᠢ ᠠᠱᠢᠭᠯᠠᠵᠤ ᠪᠠᠢᠭᠤᠯᠤᠭᠰᠠᠨ ᠴᠢᠬᠤᠯᠠ ᠶᠡᠭᠡ ᠱᠢᠨᠵᠢᠯᠡᠬᠦ ᠣᠬᠠᠭᠠᠨ ᠮᠡᠷᠭᠡᠵᠢᠯ᠎ᠤᠨ ᠲᠦᠷᠦᠯ ᠵᠦᠢᠯ᠎ᠲᠠᠢ ᠬᠤᠯᠪᠤᠭᠳᠠᠬᠤ ᠮᠡᠳᠡᠯᠭᠡ᠎ᠶᠢᠨ ᠦᠮᠴᠢᠯᠡᠬᠦ ᠡᠷᠭᠡ᠎ᠶᠢᠨ ᠪᠠᠢᠳᠠᠯ᠂ ᠮᠡᠳᠡᠯᠭᠡ᠎ᠶᠢᠨ ᠪᠦᠲᠦᠭᠡᠭᠳᠡᠬᠦᠨ᠎ᠤ ᠲᠦᠭᠱᠢᠬᠦᠷᠢ ᠵᠡᠷᠭᠡ᠎ᠶᠢ ᠵᠦᠪᠯᠡᠨ ᠲᠣᠭᠲᠠᠭᠠᠬᠤ ᠬᠡᠷᠡᠭᠲᠡᠢ᠃  

  ᠠᠷᠪᠠᠨ ᠲᠠᠪᠤᠳᠤᠭᠠᠷ ᠵᠦᠢᠯ  ᠬᠤᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ ᠶᠡᠭᠡ ᠳᠡᠭᠡᠲᠦ ᠰᠣᠷᠭᠠᠭᠤᠯᠢ᠂ ᠱᠢᠨᠵᠢᠯᠡᠬᠦ ᠣᠬᠠᠭᠠᠨ ᠮᠡᠷᠭᠡᠵᠢᠯ᠎ᠤᠨ ᠰᠣᠳᠤᠯᠭᠠᠨ ᠨᠡᠭᠡᠭᠡᠯᠲᠡ᠎ᠶᠢᠨ ᠪᠠᠢᠭᠤᠯᠤᠮᠵᠢ ᠪᠠ ᠠᠵᠤ ᠠᠬᠤᠢᠯᠠᠯ᠎ᠢ ᠳᠡᠮᠵᠢᠨ ᠮᠡᠷᠭᠡᠵᠢᠯ᠎ᠢ ᠱᠢᠯᠵᠢᠭᠦᠯᠬᠦ ᠲᠣᠭᠲᠠᠴᠠ᠎ᠶᠢ ᠳᠡᠬᠦᠯᠳᠡᠷᠵᠢᠬᠦᠯᠵᠤ᠂ ᠪᠡᠶ᠎ᠡ᠎ᠪᠠᠨ ᠲᠠᠭᠠᠭᠠᠵᠤ ᠱᠢᠨ᠎ᠡ᠎ᠶᠢ ᠡᠬᠦᠳᠦᠭᠰᠡᠨ ᠦᠷ᠎ᠡ ᠪᠦᠲᠦᠭᠡᠯ᠎ᠢ ᠱᠢᠯᠵᠢᠬᠦᠯᠵᠤ ᠣᠯᠠᠷᠢᠭᠤᠯᠬᠤ᠎ᠶᠢ ᠵᠢᠯᠤᠭᠤᠳᠭᠤ ᠬᠡᠷᠡᠭᠲᠠᠢ;ᠣᠷᠤᠭᠤᠯᠤᠭᠰᠠᠨ ᠱᠢᠨᠵᠢᠯᠡᠬᠦ ᠣᠬᠠᠭᠠᠨ ᠮᠡᠷᠭᠡᠵᠢᠯ᠎ᠤᠨ ᠦᠷ᠎ᠡ ᠪᠦᠲᠦᠭᠡᠯ ᠪᠣᠶᠤ ᠦᠪᠡᠷᠲᠡᠭᠡᠨ ᠵᠠᠰᠠᠬᠤ ᠣᠷᠤᠨ᠎ᠤ ᠭᠠᠳᠠᠨᠠᠬᠢ᠎ᠲᠠᠢ ᠬᠤᠷᠱᠢᠭᠰᠠᠨ ᠱᠢᠨᠵᠢᠯᠡᠬᠦ ᠣᠬᠠᠭᠠᠨ ᠮᠡᠷᠭᠡᠵᠢᠯ᠎ᠤᠨ ᠦᠷ᠎ᠡ ᠪᠦᠲᠦᠭᠡᠯ᠎ᠢ ᠣᠯᠠᠷᠢᠭᠤᠯᠤᠭᠰᠠᠨ ᠪᠣᠯ᠂ ᠲᠦᠷᠦ᠎ᠶᠢᠨ ᠪᠣᠳᠤᠯᠭ᠎ᠠ ᠪᠠ ᠪᠡᠯᠡ ᠮᠦᠩᠬᠦ᠎ᠶᠢᠨ ᠲᠠᠯ᠎ᠠ᠎ᠪᠠᠷ ᠳᠡᠮᠵᠢᠯᠭᠡ ᠦᠵᠡᠬᠦᠯᠬᠦ ᠬᠡᠷᠡᠭᠲᠠᠢ᠃

  ᠪᠡᠶ᠎ᠡ᠎ᠪᠠᠨ ᠳᠠᠭᠠᠭᠠᠭᠰᠠᠨ ᠮᠡᠳᠡᠯᠭᠡ᠎ᠶᠢᠨ ᠦᠮᠴᠢᠯᠡᠬᠦ ᠡᠷᠭᠡ᠎ᠲᠠᠢ ᠱᠢᠨᠵᠢᠯᠡᠬᠦ ᠣᠬᠠᠭᠠᠨ ᠮᠡᠷᠭᠡᠵᠢᠯ᠎ᠤᠨ ᠦᠷ᠎ᠡ ᠪᠦᠲᠦᠭᠡᠯ ᠠᠩᠬ᠎ᠠ ᠣᠳᠠᠭ᠎ᠠ ᠦᠪᠡᠷᠲᠡᠭᠡᠨ ᠵᠠᠰᠠᠬᠤ ᠣᠷᠤᠨ᠎ᠤ ᠲᠣᠲᠤᠷ᠎ᠠ ᠣᠯᠠᠷᠢᠭᠤᠯᠤᠨ ᠬᠡᠷᠡᠭᠯᠡᠭᠳᠡᠭᠰᠡᠨ ᠪᠣᠯ᠂ ᠲᠦᠷᠦᠯ ᠵᠦᠢᠯ᠎ᠤᠨ ᠪᠠᠢᠭ᠎ᠠ ᠭᠠᠵᠠᠷ᠎ᠤᠨ ᠬᠤᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ ᠲᠦᠷᠦᠯ ᠵᠦᠢᠯ᠎ᠤᠨ ᠰᠡᠳᠦᠪ ᠲᠣᠭᠲᠠᠭᠠᠬᠤ ᠪᠠ ᠲᠠᠯᠠᠪᠤᠷ ᠭᠠᠵᠠᠷ ᠬᠠᠩᠭᠠᠬᠤ ᠵᠡᠷᠭᠡ ᠲᠠᠯ᠎ᠠ᠎ᠪᠠᠷ ᠳᠡᠮᠵᠢᠬᠦ ᠬᠡᠷᠡᠭᠲᠠᠢ᠃

  ᠠᠷᠪᠠᠨ ᠵᠢᠷᠭᠤᠳᠤᠭᠠᠷ ᠵᠦᠢᠯ  ᠬᠤᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ ᠵᠣᠷᠢᠭᠵᠢᠭᠤᠯᠤᠨ ᠳᠡᠮᠵᠢᠬᠦ ᠲᠦᠷᠦ᠎ᠶᠢᠨ ᠪᠣᠳᠤᠯᠭ᠎ᠠ ᠲᠣᠭᠲᠠᠭᠠᠵᠤ᠂ ᠪᠡᠶ᠎ᠡ᠎ᠪᠠᠨ ᠳᠠᠭᠠᠭᠠᠵᠤ ᠱᠢᠨ᠎ᠡ᠎ᠶᠢ ᠡᠬᠦᠳᠬᠦ ᠦᠷ᠎ᠡ ᠪᠦᠲᠦᠭᠡᠯ᠎ᠤᠨ ᠪᠦᠷᠢᠯᠳᠦᠬᠦ᠎ᠲᠠᠢ ᠬᠤᠯᠪᠤᠭᠳᠠᠬᠤ ᠮᠡᠷᠬᠡᠵᠢᠯ᠎ᠤᠨ ᠪᠠᠷᠢᠮᠵᠢᠶ᠎ᠡ᠎ᠶᠢ ᠲᠦᠯᠬᠢᠨ ᠠᠬᠢᠭᠤᠯᠵᠤ᠂ ᠨᠦᠬᠦᠴᠡᠯ᠎ᠲᠠᠢ᠎ᠨᠢ ᠮᠡᠷᠬᠡᠵᠢᠯ᠎ᠤᠨ ᠪᠠᠷᠢᠮᠵᠢᠶᠠᠨ᠎ᠤ ᠲᠣᠰᠭᠠᠢ ᠲᠦᠷᠦᠯ᠎ᠤᠨ ᠪᠡᠯᠡ ᠮᠦᠩᠬᠦ᠎ᠶᠢ ᠪᠠᠢᠭᠤᠯᠤᠨ᠂ ᠠᠵᠤ ᠠᠬᠤᠢᠯᠠᠯ᠂ ᠠᠵᠢᠯ ᠦᠢᠯᠡᠰ᠎ᠤᠨ ᠨᠢᠭᠡᠴᠢ᠂ ᠠᠵᠢᠯ ᠲᠦᠷᠦᠯ᠎ᠤᠨ ᠨᠡᠢᠭᠡᠮᠯᠢᠭ᠎ᠤᠨ ᠣᠯᠠᠨ ᠣᠯᠤᠰ᠎ᠤᠨ ᠪᠠᠷᠢᠮᠵᠢᠶ᠎ᠡ᠂ ᠣᠯᠤᠰ᠎ᠤᠨ ᠪᠠᠷᠢᠮᠵᠢᠶ᠎ᠡ᠂ ᠠᠵᠢᠯ ᠲᠦᠷᠦᠯ᠎ᠤᠨ ᠪᠠᠷᠢᠮᠵᠢᠶ᠎ᠠ ᠪᠠ ᠭᠠᠵᠠᠷ ᠣᠷᠤᠨ᠎ᠤ ᠪᠠᠷᠢᠮᠵᠢᠶ᠎ᠠ ᠲᠣᠭᠲᠠᠭᠠᠬᠤ ᠪᠠ ᠵᠠᠰᠠᠨ ᠲᠣᠭᠲᠠᠭᠠᠬᠤ᠎ᠶᠢ ᠭᠤᠤᠯᠯᠠᠨ ᠵᠢᠯᠤᠭᠤᠳᠭᠤ ᠪᠠ ᠣᠷᠤᠯᠴᠠᠬᠤ᠎ᠶᠢ ᠳᠡᠮᠵᠢᠬᠦ ᠬᠡᠷᠡᠭᠲᠠᠢ᠃

  ᠠᠷᠪᠠᠨ ᠲᠤᠯᠤᠳᠤᠭᠠᠷ ᠵᠦᠢᠯ  ᠬᠤᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ᠎ᠨᠢ ᠦᠢᠯᠡᠳᠪᠦᠷᠢᠯᠡᠯ᠎ᠤᠨ ᠬᠦᠴᠦᠨ᠎ᠢ ᠠᠬᠢᠭᠤᠯᠬᠤ ᠲᠦᠪ᠂ ᠮᠡᠷᠭᠡᠵᠢᠯ᠎ᠤᠨ ᠠᠷᠠᠯᠵᠢᠶᠠᠨ᠎ᠤ ᠪᠠᠢᠭᠤᠯᠤᠮᠵᠢ ᠪᠠ ᠱᠢᠨᠵᠢᠯᠡᠬᠦ ᠣᠬᠠᠭᠠᠨ ᠮᠡᠷᠭᠡᠵᠢᠯ᠎ᠤᠨ ᠠᠵᠤ ᠠᠬᠤᠢᠯᠠᠯ᠎ᠤᠨ ᠨᠡᠪᠴᠢᠬᠦᠯᠦᠬᠦᠷ ᠵᠡᠷᠭᠡ ᠱᠢᠨᠵᠢᠯᠡᠬᠦ ᠣᠬᠠᠭᠠᠨ ᠮᠡᠷᠭᠡᠵᠢᠯ᠎ᠤᠨ ᠵᠠᠭᠤᠴᠢ ᠦᠢᠯᠡᠴᠢᠯᠡᠭᠡᠨ᠎ᠤ  ᠪᠠᠢᠭᠤᠯᠤᠮᠵᠢ᠎ᠶᠢᠨ ᠬᠦᠭᠵᠢᠯᠲᠡ᠎ᠶᠢ ᠳᠡᠮᠵᠢᠬᠦ ᠬᠡᠷᠡᠭᠲᠠᠢ᠃ ᠵᠠᠰᠠᠭ᠎ᠤᠨ ᠣᠷᠳᠤᠨ ᠱᠢᠨᠵᠢᠯᠡᠬᠦ ᠣᠬᠠᠭᠠᠨ ᠮᠡᠷᠭᠡᠵᠢᠯ᠎ᠢ ᠬᠤᠳᠠᠯᠳᠤᠨ ᠠᠪᠬᠤ  ᠨᠡᠢᠲᠡ᠎ᠶᠢᠨ ᠦᠢᠯᠡᠴᠢᠯᠡᠭᠡᠨ᠎ᠤ ᠳᠦᠷᠢᠮ᠎ᠢ ᠪᠠᠢᠭᠤᠯᠬᠤ ᠪᠠ ᠶᠠᠪᠤᠭᠳᠠᠭᠤᠯᠵᠤ᠂ ᠱᠢᠨᠵᠢᠯᠡᠬᠦ ᠣᠬᠠᠭᠠᠨ ᠮᠡᠷᠭᠡᠵᠢᠯ᠎ᠤᠨ ᠱᠢᠨ᠎ᠡ᠎ᠶᠢ ᠡᠬᠦᠳᠬᠦ᠂ ᠮᠡᠷᠭᠡᠵᠢᠯ᠎ᠤᠨ ᠳᠡᠯᠭᠡᠷᠡᠬᠦᠯᠦᠯᠲᠡ ᠵᠡᠷᠭᠡ ᠲᠣᠰᠭᠠᠢ ᠮᠡᠷᠭᠡᠵᠢᠯ᠎ᠤᠨ ᠴᠢᠨᠠᠷ᠂ ᠮᠡᠷᠭᠡᠵᠢᠯ᠎ᠤᠨ ᠴᠢᠨᠠᠷ᠎ᠢᠶᠠᠷ ᠨᠡᠯᠢᠶᠡᠳ ᠴᠢᠩᠭ᠎ᠠ ᠠᠵᠢᠯ᠎ᠢ ᠪᠣᠯ ᠨᠦᠬᠦᠴᠡᠯ᠎ᠳᠤ ᠨᠡᠢᠴᠡᠭᠰᠡᠨ ᠱᠢᠨᠵᠢᠯᠡᠬᠦ ᠣᠬᠠᠭᠠᠨ ᠮᠡᠷᠭᠡᠵᠢᠯ᠎ᠤᠨ ᠵᠠᠭᠤᠴᠢ ᠦᠢᠯᠡᠴᠢᠯᠡᠭᠡᠨ᠎ᠤ ᠪᠠᠢᠭᠤᠯᠤᠮᠵᠢ᠎ᠳᠤ ᠨᠠᠢᠳᠠᠨ ᠱᠢᠢᠳᠪᠦᠷᠢᠯᠡᠬᠦᠯᠵᠤ ᠪᠣᠯᠤᠨ᠎ᠠ᠃

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ᠎ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ᠎ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ᠎ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠩᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604