ᠦᠪᠤᠷ ᠮᠣᠩᠭᠤᠯ᠎ᠤᠨ ᠦᠪᠡᠷᠲᠡᠭᠡᠨ ᠵᠠᠰᠠᠬᠤ ᠣᠷᠤᠨ᠎ᠤ ᠱᠢᠨᠵᠢᠯᠡᠬᠦ ᠣᠬᠠᠭᠠᠨ ᠮᠡᠷᠭᠡᠵᠢᠯ᠎ᠤᠨ ᠲᠠᠪᠱᠢᠯᠲᠠ᠎ᠶᠢᠨ ᠳᠦᠷᠢᠮ (ᠭᠤᠷᠪᠠᠳᠤᠭᠠᠷ ᠪᠦᠯᠦᠭ)
2020.03.16

(1996᠎ᠣᠨ᠎ᠤ 6 ᠳ᠋ᠤᠭᠠᠷ ᠰᠠᠷ᠎ᠠ᠎ᠶᠢᠨ 1᠎ᠤ ᠡᠳᠦᠷ ᠦᠪᠤᠷ ᠮᠤᠩᠭᠤᠯ᠎ᠤᠨ ᠦᠪᠠᠷᠳᠡᠭᠡᠨ ᠵᠠᠰᠠᠬᠤ ᠤᠷᠤᠨ᠎ᠤ ᠨᠠᠢ᠍ᠮᠠᠳᠤᠭᠠᠷ ᠬᠤᠭᠤᠴᠠᠭᠠᠨ᠎ᠤ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢᠩᠭᠤ᠎ᠶᠢᠨ ᠬᠤᠷᠢᠶ᠎ᠠ᠎ᠶᠢᠨ ᠬᠤᠶᠠᠳᠤᠭᠠᠷ ᠬᠤᠷᠠᠯ᠎ᠠᠴᠠ ᠪᠠᠳᠤᠯᠠᠵᠦ᠂ 2014 ᠣᠨ᠎ᠤ 5᠎ᠳᠤᠭᠠᠷ ᠰᠠᠷ᠎ᠠ᠎ᠶᠢᠨ 9᠎ᠤ ᠡᠳᠦᠷ ᠦᠪᠤᠷ ᠮᠤᠩᠭᠤᠯ᠎ᠤᠨ ᠦᠪᠠᠷᠳᠡᠭᠡᠨ ᠵᠠᠰᠠᠬᠤ ᠤᠷᠤᠨ᠎ᠤ ᠠᠷᠪᠠᠨ ᠬᠤᠶᠠᠳᠤᠭᠠᠷ ᠬᠤᠭᠤᠴᠠᠭᠠᠨ᠎ᠤ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢᠩᠭᠤ᠎ᠶᠢᠨ ᠬᠤᠷᠢᠶ᠎ᠠ᠎ᠶᠢᠨ ᠠᠷᠪᠠᠳᠤᠭᠠᠷ ᠬᠤᠷᠠᠯ᠎ᠠᠴᠠ ᠵᠠᠰᠠᠪᠤᠷᠢ ᠤᠷᠤᠭᠤᠯᠪᠠ)

 

    ᠭᠤᠷᠪᠠᠳᠤᠭᠠᠷ ᠪᠦᠯᠦᠭ  ᠠᠵᠤ  ᠠᠬᠤᠢᠯᠠᠯ᠎ᠤᠨ ᠱᠢᠨᠵᠢᠯᠡᠬᠦ ᠣᠬᠠᠭᠠᠨ ᠮᠡᠷᠭᠡᠵᠢᠯ᠎ᠤᠨ ᠳᠠᠪᠱᠢᠯᠲᠡ

 

  ᠠᠷᠪᠠᠨ ᠨᠠᠢ᠍ᠮᠠᠳᠤᠭᠠᠷ ᠵᠦᠢᠯ  ᠦᠪᠡᠷᠲᠡᠭᠡᠨ ᠵᠠᠰᠠᠬᠤ ᠣᠷᠤᠨ᠎ᠠᠴᠠ ᠠᠵᠤ ᠠᠬᠤᠢᠯᠠᠯ᠎ᠢᠶᠠᠷ ᠭᠤᠤᠯ ᠴᠣᠭᠴᠠ ᠪᠣᠯᠭᠠᠨ᠂ ᠵᠠᠬ᠎ᠠ ᠳᠡᠯᠭᠡᠭᠦᠷ᠎ᠢᠶᠠᠷ ᠣᠳᠤᠷᠢᠳᠤᠮᠵᠢ ᠪᠣᠯᠭᠠᠵᠤ᠂ ᠠᠵᠤ ᠠᠬᠤᠢᠯᠠᠯ᠎ᠨᠢ ᠳᠡᠭᠡᠲᠦ ᠵᠡᠷᠭᠡ᠎ᠶᠢᠨ ᠰᠣᠷᠭᠠᠭᠤᠯᠢ᠂ ᠱᠢᠨᠵᠢᠯᠡᠬᠦ ᠣᠬᠠᠭᠠᠨ ᠮᠡᠷᠭᠡᠵᠢᠯ᠎ᠤᠨ ᠰᠣᠳᠤᠯᠭᠠᠨ ᠨᠡᠭᠡᠭᠡᠯᠲᠡ᠎ᠶᠢᠨ ᠪᠠᠢᠭᠤᠯᠤᠮᠵᠢ᠎ᠲᠠᠢ ᠬᠠᠷᠢᠯᠴᠠᠨ ᠣᠶᠠᠯᠳᠤᠭᠰᠠᠨ ᠮᠡᠷᠭᠡᠵᠢᠯ᠎ᠤᠨ ᠱᠢᠨ᠎ᠡ᠎ᠶᠢ ᠡᠬᠦᠳᠬᠦ ᠱᠢᠰᠲᠧᠮ᠎ᠢ ᠪᠠᠢᠭᠤᠯᠵᠤ᠂ ᠠᠵᠤ  ᠠᠬᠤᠢᠯᠠᠯ ᠪᠠ ᠱᠢᠨᠵᠢᠯᠡᠬᠦ ᠣᠬᠠᠭᠠᠨ ᠮᠡᠷᠭᠡᠵᠢᠯ᠎ᠤᠨ ᠰᠣᠳᠤᠯᠭᠠᠨ ᠨᠡᠭᠡᠭᠡᠯᠲᠠ᠎ᠶᠢᠨ ᠪᠠᠢᠭᠤᠯᠤᠮᠵᠢ᠂ ᠲᠡᠭᠡᠲᠦ ᠵᠡᠷᠭᠡ᠎ᠶᠢᠨ ᠰᠣᠷᠭᠠᠭᠤᠯᠢ ᠬᠠᠮᠲᠤᠷᠠᠨ ᠱᠢᠨᠵᠢᠯᠡᠬᠦ ᠣᠬᠠᠭᠠᠨ ᠮᠡᠷᠭᠡᠵᠢᠯ᠎ᠤᠨ ᠪᠣᠭᠤᠮᠲᠠ ᠱᠢᠪᠲᠤᠯᠬᠤ ᠠᠵᠢᠯᠯᠠᠭ᠎ᠠ ᠦᠷᠨᠢᠬᠦᠯᠵᠤ᠂ ᠱᠢᠨ᠎ᠡ ᠮᠡᠷᠭᠡᠵᠢᠯ᠂ ᠱᠢᠨ᠎ᠡ ᠪᠦᠲᠦᠭᠡᠭᠳᠡᠬᠦᠨ᠂ ᠱᠢᠨ᠎ᠡ ᠣᠷᠠᠯᠠᠯ᠂ ᠱᠢᠨ᠎ᠡ ᠪᠠᠷᠢᠮᠵᠢᠶᠠᠨ᠎ᠤ ᠰᠣᠳᠤᠯᠭᠠᠨ ᠨᠡᠭᠡᠭᠡᠯᠲᠡ᠎ᠶᠢ ᠬᠤᠷᠱᠢᠨ ᠬᠢᠬᠦ᠎ᠶᠢ ᠳᠡᠮᠵᠢᠨ᠎ᠡ᠃

  ᠠᠷᠪᠠ ᠶᠢᠰᠦᠳᠦᠭᠡᠷ ᠵᠦᠢᠯ  ᠠᠵᠤ ᠦᠢᠯᠡᠰ᠎ᠤᠨ ᠬᠠᠷᠠᠯᠲᠠ ᠲᠣᠲᠤᠷᠬᠠᠢ ᠦᠪᠡᠷᠲᠡᠭᠡᠨ ᠵᠠᠰᠠᠬᠤ ᠣᠷᠤᠨ᠎ᠤ ᠴᠢᠬᠤᠯᠠ ᠶᠡᠭᠡ ᠲᠦᠷᠦᠯ ᠵᠦᠢᠯ᠎ᠢ ᠨᠦᠬᠦᠴᠡᠯ᠎ᠲᠠᠢ ᠠᠵᠤ ᠠᠬᠤᠢᠯᠠᠯ᠎ᠠᠴᠠ ᠲᠦᠷᠦᠬᠦᠯᠡᠨ ᠵᠣᠬᠢᠶᠠᠨ ᠪᠠᠢᠭᠤᠯᠤᠨ ᠬᠡᠷᠡᠭᠵᠢᠬᠦᠯᠦᠨ᠎ᠡ᠃ ᠦᠪᠡᠷᠲᠡᠭᠡᠨ ᠵᠠᠰᠠᠬᠤ ᠣᠷᠤᠨ᠎ᠤ ᠭᠤᠤᠯᠳᠠᠯᠭ᠎ᠠ᠎ᠲᠠᠢ ᠪᠦᠲᠦᠭᠡᠨ ᠪᠠᠢᠭᠤᠯᠵᠤ  ᠪᠠᠢᠭ᠎ᠠ ᠢᠨᠵᠧᠨᠧᠷᠢᠩ᠎ᠤᠨ ᠮᠡᠷᠭᠡᠵᠢᠯ᠎ᠤᠨ ᠲᠦᠷᠦᠯ᠎ᠤᠨ ᠰᠣᠳᠤᠯᠭᠠᠨ᠎ᠤ ᠲᠦᠪ ᠪᠠ ᠲᠣᠷᠱᠢᠯᠲᠠ᠎ᠶᠢᠨ ᠲᠠᠰᠤᠭ᠎ᠢ ᠨᠦᠬᠦᠴᠡᠯ ᠪᠦᠷᠢᠯᠳᠦᠬᠦᠯᠦᠭᠰᠡᠨ ᠠᠵᠢᠯ ᠲᠦᠷᠦᠯ᠎ᠤᠨ ᠭᠤᠤᠯᠯᠠᠭᠴᠢ ᠠᠵᠤ ᠠᠬᠤᠢᠯᠠᠯ᠎ᠳᠤ ᠲᠡᠷᠢᠬᠦᠯᠡᠨ ᠪᠠᠢᠷᠢᠯᠠᠭᠤᠯᠤᠨ᠎ᠠ᠃

  ᠬᠤᠷᠢᠳᠤᠭᠠᠷ ᠵᠦᠢᠯ  ᠠᠵᠤ  ᠠᠬᠤᠢᠯᠠᠯ ᠬᠢᠭᠡᠳ ᠱᠢᠨᠵᠢᠯᠡᠬᠦ ᠣᠬᠠᠭᠠᠨ ᠮᠡᠷᠭᠡᠵᠢᠯ᠎ᠤᠨ ᠰᠣᠳᠤᠯᠭᠠᠨ ᠨᠡᠭᠡᠭᠡᠯᠲᠡ᠎ᠶᠢᠨ ᠪᠠᠢᠭᠤᠯᠤᠮᠵᠢ᠂ ᠲᠡᠭᠡᠲᠦ ᠵᠡᠷᠭᠡ᠎ᠶᠢᠨ ᠰᠣᠷᠭᠠᠭᠤᠯᠢ ᠪᠣᠶᠤ ᠪᠣᠯᠪᠠᠰᠤᠷᠠᠭᠤᠯᠬᠤ ᠪᠠᠢᠭᠤᠯᠤᠮᠵᠢ᠎ᠯᠤᠭ᠎ᠠ ᠲᠠᠲᠤᠯᠭ᠎ᠠ ᠬᠢᠬᠦ ᠪᠣᠯᠪᠠᠰᠤᠷᠠᠯ᠎ᠤᠨ ᠰᠠᠭᠤᠷᠢᠨ ᠭᠠᠵᠠᠷ᠎ᠢ ᠬᠠᠮᠲᠤᠷᠠᠨ ᠪᠠᠢᠭᠤᠯᠵᠤ᠂ ᠲᠣᠰᠭᠠᠢ ᠮᠡᠷᠭᠡᠵᠢᠯ᠎ᠤᠨ ᠠᠵᠢᠯᠲᠠᠨ᠎ᠢ ᠬᠦᠮᠦᠵᠢᠬᠦᠯᠬᠦ᠎ᠶᠢ ᠵᠣᠷᠢᠭᠵᠢᠭᠤᠯᠤᠨ᠎ᠠ᠃

  ᠬᠤᠷᠢᠨ ᠨᠢᠭᠡᠳᠦᠭᠡᠷ ᠵᠦᠢᠯ  ᠠᠵᠤ ᠠᠬᠤᠢᠯᠠᠯ᠎ᠨᠢ ᠠᠵᠢᠯᠲᠠᠨ ᠠᠵᠢᠯᠴᠢᠨ᠎ᠤ ᠡᠬᠦᠲᠦᠨ ᠪᠦᠲᠦᠭᠡᠬᠦ᠂ ᠮᠡᠷᠭᠡᠵᠢᠯ᠎ᠤᠨ ᠪᠣᠭᠤᠮᠲᠠ ᠱᠢᠪᠲᠤᠯᠬᠤ᠂ ᠮᠡᠷᠭᠡᠵᠢᠯ᠎ᠤᠨ ᠱᠢᠨ᠎ᠡ᠎ᠶᠢ ᠡᠬᠦᠳᠬᠦ ᠵᠢᠴᠢ ᠵᠦᠢ ᠵᠣᠬᠢᠰᠲᠠᠢ ᠰᠠᠨᠠᠭᠤᠯᠭ᠎ᠠ ᠲᠣᠷᠠᠳᠭᠤ ᠠᠵᠢᠯᠯᠠᠭ᠎ᠠ ᠦᠷᠨᠢᠬᠦᠯᠬᠦ᠎ᠶᠢ ᠵᠣᠷᠢᠭᠵᠢᠭᠤᠯᠬᠤ᠎ᠶᠢᠨ ᠬᠠᠮᠲᠤ ᠬᠦᠬᠢᠬᠦᠯᠦᠨ᠎ᠡ᠃

  ᠬᠤᠷᠢᠨ ᠬᠤᠶᠠᠳᠤᠭᠠᠷ ᠵᠦᠢᠯ  ᠠᠵᠤ ᠠᠬᠤᠢᠯᠠᠯ᠎ᠨᠢ ᠣᠯᠤᠰ ᠪᠠ ᠦᠪᠡᠷᠲᠡᠭᠡᠨ ᠵᠠᠰᠠᠬᠤ ᠣᠷᠤᠨ᠎ᠤ ᠠᠵᠤ ᠦᠢᠯᠡᠰ᠎ᠤᠨ ᠲᠦᠷᠦ᠎ᠶᠢᠨ ᠪᠣᠳᠤᠯᠭ᠎ᠠ᠎ᠶᠢᠨ ᠱᠠᠭᠠᠷᠳᠠᠯᠭ᠎ᠠ ᠶᠣᠰᠤᠭᠠᠷ᠂ ᠮᠡᠷᠬᠡᠵᠢᠯ᠎ᠤᠨ ᠥᠭᠡᠷᠡᠴᠢᠯᠡᠯᠲᠡ ᠪᠠ ᠲᠥᠭᠦᠭᠡᠷᠦᠮᠵᠢ᠎ᠶᠢᠨ ᠱᠢᠨᠡᠴᠢᠯᠡᠯᠲᠡ᠎ᠶᠢ ᠲᠦᠷᠭᠡᠳᠭᠡᠵᠦ᠂ ᠬᠣᠴᠤᠷᠤᠩᠭᠤᠢ ᠮᠡᠷᠭᠡᠵᠢᠯ᠂ ᠲᠥᠭᠦᠭᠡᠷᠦᠮᠵᠢ᠂ ᠤᠷᠠᠯᠠᠯ᠎ᠢ ᠱᠢᠭᠱᠢᠭᠳᠡᠭᠦᠯᠵᠦ᠂ ᠮᠡᠷᠭᠡᠵᠢᠯ ᠬᠣᠴᠤᠷᠤᠩᠭᠤᠢ ᠪᠦᠲᠦᠭᠡᠭᠳᠡᠬᠦᠨ᠎ᠢ ᠦᠢᠯᠡᠳᠪᠦᠷᠢᠯᠡᠬᠦ᠎ᠪᠠᠨ ᠵᠣᠭᠰᠤᠭᠠᠬᠤ ᠬᠡᠷᠡᠭᠲᠡᠢ᠃

  ᠬᠤᠷᠢᠨ ᠭᠤᠷᠪᠠᠳᠤᠭᠠᠷ ᠵᠦᠢᠯ  ᠠᠵᠤ ᠠᠬᠤᠢᠯᠠᠯ᠎ᠨᠢ ᠣᠯᠠᠨ ᠵᠦᠢᠯ᠎ᠤᠨ ᠬᠡᠯᠪᠡᠷᠢ᠎ᠪᠠᠷ ᠰᠣᠳᠤᠯᠭᠠᠨ ᠨᠡᠭᠡᠭᠡᠯᠲᠡ᠎ᠶᠢᠨ ᠪᠠᠢᠭᠤᠯᠤᠮᠵᠢ᠎ᠶᠢ ᠵᠣᠬᠢᠶᠠᠨ ᠪᠠᠢᠭᠤᠯᠬᠤ᠂ ᠰᠣᠳᠤᠯᠭᠠᠨ ᠨᠡᠭᠡᠭᠡᠯᠲᠡ ᠪᠠ ᠮᠡᠷᠭᠡᠵᠢᠯ᠎ᠤᠨ ᠱᠢᠨ᠎ᠡ᠎ᠶᠢ ᠡᠬᠦᠳᠬᠦ ᠣᠷᠤᠭᠤᠯᠤᠯᠲᠠ᠎ᠪᠠᠨ ᠨᠡᠮᠡᠭᠳᠡᠬᠦᠯᠬᠦ᠂ ᠰᠣᠳᠤᠯᠭᠠᠨ ᠨᠡᠭᠡᠭᠡᠯᠲᠡ᠎ᠶᠢᠨ ᠰᠡᠳᠦᠪ᠎ᠢ ᠪᠡᠶ᠎ᠡ᠎ᠪᠠᠨ ᠲᠠᠭᠠᠭᠠᠵᠤ ᠲᠣᠭᠲᠠᠭᠠᠬᠤ᠂ ᠮᠡᠷᠭᠡᠵᠢᠯ᠎ᠤᠨ ᠱᠢᠨ᠎ᠡ᠎ᠶᠢ ᠡᠬᠦᠳᠬᠦ ᠠᠵᠢᠯᠯᠠᠭ᠎ᠠ ᠦᠷᠨᠢᠬᠦᠯᠬᠦ᠎ᠶᠢ ᠵᠣᠷᠢᠭᠵᠢᠭᠤᠯᠤᠨ᠎ᠠ᠃

  ᠠᠵᠤ ᠠᠬᠤᠢᠯᠠᠯ᠎ᠨᠢ ᠴᠢᠬᠤᠯᠠ ᠪᠦᠬᠦᠢ ᠮᠡᠷᠭᠡᠵᠢᠯ᠎ᠤᠨ ᠰᠣᠳᠤᠯᠭᠠᠨ ᠨᠡᠭᠡᠭᠡᠯᠲᠡ᠎ᠶᠢᠨ ᠣᠷᠤᠭᠤᠯᠤᠯᠲᠠ᠎ᠶᠢ ᠪᠠᠲᠤᠯᠠᠬᠤ ᠬᠡᠷᠡᠭᠲᠠᠢ᠃ ᠬᠡᠪᠴᠢᠶᠠᠨ᠎ᠠᠴᠠ ᠳᠡᠭᠡᠭᠱᠢᠬᠢ ᠠᠵᠤ ᠠᠬᠤᠢᠯᠠᠯ᠎ᠤᠨ ᠰᠣᠳᠤᠯᠭᠠᠨ ᠨᠡᠭᠡᠭᠡᠯᠲᠡ᠎ᠶᠢᠨ ᠵᠠᠷᠤᠳᠠᠯ᠎ᠨᠢ ᠳᠡᠭᠡᠷ᠎ᠡ ᠵᠢᠯ᠎ᠤᠨ ᠪᠣᠷᠤᠯᠠᠭᠤᠯᠤᠯᠲᠠ᠎ᠶᠢᠨ ᠣᠷᠤᠯᠭ᠎ᠠ᠎ᠶᠢᠨ ᠵᠠᠭᠤᠨ᠎ᠤ ᠨᠢᠭᠡ᠎ᠠᠴᠠ ᠲᠣᠤᠷ᠎ᠠ ᠪᠠᠢᠵᠤ ᠪᠣᠯᠬᠤ᠎ᠦᠭᠡᠢ᠂ ᠲᠣᠮᠤ ᠲᠣᠮᠲᠠ ᠬᠡᠯᠪᠡᠷᠢ᠎ᠶᠢᠨ ᠠᠵᠤ ᠠᠬᠤᠢᠯᠠᠯ᠎ᠤᠨ ᠰᠣᠳᠤᠯᠭᠠᠨ ᠨᠡᠭᠡᠭᠡᠯᠲᠡ᠎ᠶᠢᠨ ᠵᠠᠷᠤᠳᠠᠯ᠎ᠨᠢ ᠳᠡᠭᠡᠷ᠎ᠡ ᠵᠢᠯ᠎ᠤᠨ ᠪᠣᠷᠤᠯᠠᠭᠤᠯᠤᠯᠲᠠ᠎ᠶᠢᠨ ᠣᠷᠤᠯᠭ᠎ᠠ᠎ᠶᠢᠨ ᠵᠠᠭᠤᠨ᠎ᠤ ᠬᠤᠶᠠᠷ᠎ᠠᠴᠠ ᠲᠣᠤᠷ᠎ᠠ ᠪᠠᠢᠵᠤ ᠪᠣᠯᠬᠤ᠎ᠦᠭᠡᠢ᠂ ᠳᠡᠭᠡᠲᠦ ᠱᠢᠨ᠎ᠡ ᠮᠡᠷᠭᠡᠵᠢᠯ᠎ᠤᠨ ᠠᠵᠤ ᠠᠬᠤᠢᠯᠠᠯ ᠪᠠ ᠱᠢᠨ᠎ᠡ᠎ᠶᠢ ᠡᠬᠦᠳᠬᠦ ᠬᠡᠯᠪᠡᠷᠢ᠎ᠶᠢᠨ ᠠᠵᠤ ᠠᠬᠤᠢᠯᠠᠯ᠎ᠤᠨ ᠰᠣᠳᠤᠯᠭᠠᠨ ᠨᠡᠭᠡᠭᠡᠯᠲᠡ᠎ᠶᠢᠨ ᠵᠠᠷᠤᠳᠠᠯ᠎ᠨᠢ ᠳᠡᠭᠡᠷᠡᠬᠢ ᠵᠢᠯ᠎ᠤᠨ ᠪᠣᠷᠤᠯᠠᠭᠤᠯᠤᠯᠲᠠ᠎ᠶᠢᠨ ᠣᠷᠤᠯᠭ᠎ᠠ᠎ᠶᠢᠨ ᠵᠠᠭᠤᠨ᠎ᠤ ᠭᠤᠷᠪᠠ᠎ᠠᠴᠠ ᠲᠣᠤᠷ᠎ᠠ ᠪᠠᠢᠵᠤ ᠪᠣᠯᠬᠤ᠎ᠦᠭᠡᠢ᠃ ᠰᠣᠳᠤᠯᠭᠠᠨ ᠨᠡᠭᠡᠭᠡᠯᠲᠡ᠎ᠶᠢᠨ ᠵᠠᠷᠤᠳᠠᠯ᠎ᠢ ᠠᠵᠤ ᠠᠬᠤᠢᠯᠠᠯ᠎ᠤᠨ ᠦᠢᠯᠡᠳᠪᠦᠷᠢᠯᠡᠯ ᠡᠵᠡᠩᠨᠡᠯᠲᠡ᠎ᠶᠢᠨ ᠦᠪᠡᠷ᠎ᠤᠨ ᠦᠷᠳᠡᠭ᠎ᠲᠠᠬᠢ ᠵᠠᠷᠤᠯᠭ᠎ᠠ᠎ᠪᠠᠷ ᠵᠢᠭᠰᠠᠭᠠᠨ᠎ᠠ᠃

  ᠬᠤᠷᠢᠨ ᠲᠥᠷᠪᠡᠳᠦᠭᠡᠷ ᠵᠦᠢᠯ  ᠠᠵᠤ ᠠᠬᠤᠢᠯᠠᠯ᠎ᠠᠴᠠ ᠱᠢᠨ᠎ᠡ ᠮᠡᠷᠭᠡᠵᠢᠯ᠂ ᠱᠢᠨ᠎ᠡ ᠪᠦᠲᠦᠭᠡᠭᠳᠡᠬᠦᠨ᠂ ᠱᠢᠨ᠎ᠡ ᠣᠷᠠᠯᠠᠯ᠎ᠢ ᠨᠡᠭᠡᠭᠡᠨ ᠬᠦᠭᠵᠢᠬᠦᠯᠬᠦ᠎ᠳᠤ ᠡᠬᠦᠰᠦᠭᠰᠡᠨ ᠰᠣᠳᠤᠯᠭᠠᠨ ᠨᠡᠭᠡᠭᠡᠯᠲᠠ᠎ᠶᠢᠨ ᠵᠠᠷᠤᠳᠠᠯ᠎ᠨᠢ ᠣᠯᠤᠰ᠎ᠤᠨ ᠲᠣᠭᠲᠠᠭᠠᠯ᠎ᠳᠤ ᠨᠡᠢᠴᠡᠪᠡᠯ᠂ ᠲᠣᠱᠢᠶᠠᠬᠤ ᠵᠣᠬᠢᠰᠲᠠᠢ ᠣᠯᠵᠠᠪᠦᠷᠢ᠎ᠶᠢᠨ ᠭᠠᠢᠯᠢ᠎ᠶᠢ ᠪᠣᠲᠤᠬᠤ ᠦᠶᠡᠰ ᠨᠡᠮᠡᠨ ᠣᠷᠤᠭᠤᠯᠵᠤ ᠪᠣᠲᠤᠨ ᠰᠠᠭᠤᠯᠭᠠᠵᠤ ᠪᠣᠯᠤᠨ᠎ᠠ᠃ ᠭᠠᠢᠯᠢ᠎ᠶᠢᠨ ᠶᠠᠪᠤᠳᠠᠯ᠎ᠤᠨ ᠰᠠᠯᠠᠭ᠎ᠠ ᠮᠦᠴᠢᠷ᠎ᠨᠢ ᠠᠵᠤ ᠠᠬᠤᠢᠯᠠᠯ᠎ᠤᠨ ᠮᠡᠳᠡᠭᠦᠯᠦᠭᠰᠡᠨ ᠰᠤᠳᠤᠯᠭᠠᠨ ᠨᠡᠭᠡᠭᠡᠯᠲᠡ᠎ᠶᠢᠨ ᠲᠥᠷᠦᠯ ᠵᠦᠢᠯ᠎ᠢ ᠮᠠᠭᠠᠳᠯᠠᠨ ᠲᠣᠭᠲᠠᠭᠠᠭᠰᠠᠨ᠎ᠳᠤ ᠣᠨᠳᠤᠤ ᠰᠠᠨᠠᠯ᠎ᠲᠠᠢ ᠪᠣᠯ᠂ ᠦᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ ᠪᠣᠶᠤ ᠠᠢᠮᠠᠭ᠎ᠤᠨ ᠵᠠᠬᠢᠷᠭ᠎ᠠ᠂ ᠲᠣᠭᠤᠷᠢᠭ᠎ᠲᠠᠢ  ᠬᠤᠲᠠ᠎ᠶᠢᠨ ᠠᠷᠠᠳ᠎ᠤᠨ ᠵᠠᠰᠠᠭ᠎ᠤᠨ ᠣᠷᠳᠤᠨ᠎ᠤ ᠱᠢᠨᠵᠢᠯᠡᠬᠦ ᠣᠬᠠᠭᠠᠨ ᠮᠡᠷᠭᠡᠵᠢᠯ᠎ᠤᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠡᠴᠡ ᠬᠢᠨᠠᠨ ᠲᠣᠭᠲᠠᠭᠠᠭᠰᠠᠨ ᠰᠠᠨᠠᠯ ᠭᠠᠷᠭᠠᠵᠤ ᠥᠭᠭᠦᠨ᠎ᠡ᠃

  ᠬᠤᠷᠢᠨ ᠲᠠᠪᠤᠳᠤᠭᠠᠷ ᠵᠦᠢᠯ  ᠣᠯᠤᠰ᠎ᠤᠨ ᠦᠮᠴᠢᠯᠡᠯᠲᠦ ᠠᠵᠤ ᠠᠬᠤᠢᠯᠠᠯ᠎ᠨᠢ ᠮᠡᠷᠭᠡᠵᠢᠯ᠎ᠤᠨ ᠱᠢᠨ᠎ᠡ᠎ᠶᠢ ᠡᠬᠦᠳᠬᠦ᠎ᠶᠢ ᠬᠢᠨᠠᠨ ᠱᠢᠯᠭᠠᠬᠤ ᠦᠨᠡᠯᠡᠯᠲᠡ᠎ᠶᠢᠨ ᠲᠣᠭᠲᠠᠯᠴᠠᠭ᠎ᠠ᠎ᠶᠢ ᠪᠠᠢᠭᠤᠯᠵᠤ᠂ ᠰᠣᠳᠤᠯᠭᠠᠨ ᠨᠡᠭᠡᠭᠡᠯᠲᠡ᠎ᠶᠢᠨ ᠣᠷᠤᠭᠤᠯᠤᠯᠲᠠ᠎ᠶᠢᠨ ᠡᠷᠴᠢᠮ᠂ ᠰᠣᠳᠤᠯᠭᠠᠨ ᠨᠡᠭᠡᠭᠡᠯᠲᠡ᠎ᠶᠢᠨ ᠪᠠᠢᠭᠤᠯᠤᠮᠵᠢ᠎ᠶᠢᠨ ᠪᠦᠲᠦᠭᠡᠨ ᠪᠠᠢᠭᠤᠯᠤᠯᠲᠠ᠂ ᠱᠢᠨ᠎ᠡ ᠪᠦᠲᠦᠭᠡᠭᠳᠡᠬᠦᠨ᠎ᠤ ᠪᠣᠷᠤᠯᠠᠭᠤᠯᠤᠯᠲᠠ᠎ᠶᠢᠨ ᠣᠷᠤᠯᠭ᠎ᠠ᠂ ᠮᠡᠳᠡᠯᠭᠡ᠎ᠶᠢᠨ ᠪᠦᠲᠦᠭᠡᠭᠳᠡᠬᠦᠨ᠎ᠤ ᠡᠷᠭᠡ᠎ᠶᠢᠨ ᠣᠯᠵᠠᠪᠦᠷᠢ᠂ ᠣᠯᠤᠰ᠎ᠤᠨ ᠠᠵᠤ ᠦᠢᠯᠡᠰ᠎ᠤᠨ ᠲᠦᠷᠦ᠎ᠶᠢᠨ ᠪᠣᠳᠤᠯᠭ᠎ᠠ᠎ᠶᠢ ᠬᠡᠷᠡᠭᠵᠢᠬᠦᠯᠬᠦ᠂ ᠱᠢᠨ᠎ᠡ᠎ᠶᠢ ᠡᠬᠦᠳᠬᠦ ᠴᠢᠳᠠᠪᠦᠷᠢᠲᠠᠨ᠎ᠤ ᠡᠩᠨᠡᠭᠡ᠎ᠶᠢ ᠪᠠᠢᠭᠤᠯᠬᠤ ᠵᠡᠷᠭᠡ᠎ᠶᠢ ᠠᠵᠤ ᠠᠬᠤᠢᠯᠠᠯ᠎ᠤᠨ ᠬᠠᠷᠢᠭᠤᠴᠠᠯᠭᠠᠲᠠᠨ᠎ᠤ ᠠᠵᠢᠯ᠎ᠤᠨ ᠪᠦᠲᠦᠮᠵᠢ᠎ᠶᠢ ᠱᠢᠯᠭᠠᠨ ᠬᠢᠨᠠᠬᠤ ᠴᠢᠬᠤᠯᠠ ᠭᠦᠢᠴᠡᠳᠬᠡᠯ ᠲᠤᠭ᠎ᠠ ᠪᠣᠯᠭᠠᠬᠤ ᠬᠡᠷᠡᠭᠲᠠᠢ᠃

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604