ᠦᠪᠤᠷ ᠮᠣᠩᠭᠤᠯ᠎ᠤᠨ ᠦᠪᠡᠷᠲᠡᠭᠡᠨ ᠵᠠᠰᠠᠬᠤ ᠣᠷᠤᠨ᠎ᠤ ᠱᠢᠨᠵᠢᠯᠡᠬᠦ ᠣᠬᠠᠭᠠᠨ ᠮᠡᠷᠭᠡᠵᠢᠯ᠎ᠤᠨ ᠲᠠᠪᠱᠢᠯᠲᠠ᠎ᠶᠢᠨ ᠳᠦᠷᠢᠮ (ᠲᠠᠪᠤᠳᠤᠭᠠᠷ ᠪᠦᠯᠦᠭ)
2020.03.16

(1996᠎ᠣᠨ᠎ᠤ 6᠎ᠳᠤᠭᠠᠷ ᠰᠠᠷ᠎ᠠ᠎ᠶᠢᠨ 1᠎ᠤ ᠡᠳᠦᠷ ᠦᠪᠤᠷ ᠮᠤᠩᠭᠤᠯ᠎ᠤᠨ ᠦᠪᠠᠷᠳᠡᠭᠡᠨ ᠵᠠᠰᠠᠬᠤ ᠤᠷᠤᠨ᠎ᠤ ᠨᠠᠢ᠍ᠮᠠᠳᠤᠭᠠᠷ ᠬᠤᠭᠤᠴᠠᠭᠠᠨ᠎ᠤ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢᠩᠭᠤ᠎ᠶᠢᠨ ᠬᠤᠷᠢᠶ᠎ᠠ᠎ᠶᠢᠨ ᠬᠤᠶᠠᠳᠤᠭᠠᠷ ᠬᠤᠷᠠᠯ᠎ᠠᠴᠠ ᠪᠠᠳᠤᠯᠠᠵᠦ᠂ 2014 ᠣᠨ᠎ᠤ 5᠎ᠳᠤᠭᠠᠷ ᠰᠠᠷ᠎ᠠ᠎ᠶᠢᠨ 9᠎ᠤ ᠡᠳᠦᠷ ᠦᠪᠤᠷ ᠮᠤᠩᠭᠤᠯ᠎ᠤᠨ ᠦᠪᠠᠷᠳᠡᠭᠡᠨ ᠵᠠᠰᠠᠬᠤ ᠤᠷᠤᠨ᠎ᠤ ᠠᠷᠪᠠᠨ ᠬᠤᠶᠠᠳᠤᠭᠠᠷ ᠬᠤᠭᠤᠴᠠᠭᠠᠨ᠎ᠤ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢᠩᠭᠤ᠎ᠶᠢᠨ ᠬᠤᠷᠢᠶ᠎ᠠ᠎ᠶᠢᠨ ᠠᠷᠪᠠᠳᠤᠭᠠᠷ ᠬᠤᠷᠠᠯ᠎ᠠᠴᠠ ᠵᠠᠰᠠᠪᠤᠷᠢ ᠤᠷᠤᠭᠤᠯᠪᠠ)

 

    ᠲᠠᠪᠤᠳᠤᠭᠠᠷ ᠪᠦᠯᠦᠭ  ᠱᠢᠨᠵᠢᠯᠡᠬᠦ ᠣᠬᠠᠭᠠᠨ ᠮᠡᠷᠭᠡᠵᠢᠯ᠎ᠤᠨ ᠰᠣᠳᠤᠯᠭᠠᠨ ᠨᠡᠭᠡᠭᠡᠯᠲᠡ᠎ᠶᠢᠨ ᠪᠠᠢᠭᠤᠯᠤᠮᠵᠢ

 

  ᠭᠤᠴᠢᠨ ᠨᠢᠭᠡᠳᠦᠭᠡᠷ ᠵᠦᠢᠯ  ᠦᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ ᠱᠢᠨᠵᠢᠯᠡᠬᠦ ᠣᠬᠠᠭᠠᠨ ᠮᠡᠷᠭᠡᠵᠢᠯ᠎ᠤᠨ ᠰᠣᠳᠤᠯᠭᠠᠨ ᠨᠡᠭᠡᠭᠡᠯᠲᠡ᠎ᠶᠢᠨ ᠪᠠᠢᠭᠤᠯᠤᠮᠵᠢ᠎ᠶᠢᠨ ᠪᠠᠢᠷᠢᠯᠠᠭᠤᠯᠤᠯᠲᠠ᠎ᠶᠢ ᠨᠢᠭᠡᠳᠦᠯᠲᠠᠢ ᠲᠥᠯᠦᠪᠵᠢᠭᠦᠯᠵᠦ᠂ ᠱᠢᠨᠵᠢᠯᠡᠬᠦ ᠣᠬᠠᠭᠠᠨ ᠮᠡᠷᠭᠡᠵᠢᠯ᠎ᠤᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶᠢ ᠱᠢᠯᠢᠳᠡᠭᠵᠢᠬᠦᠯᠦᠨ᠂ ᠱᠢᠨᠵᠢᠯᠡᠬᠦ ᠣᠬᠠᠭᠠᠨ ᠮᠡᠷᠭᠡᠵᠢᠯ᠎ᠤᠨ ᠰᠣᠳᠤᠯᠭᠠᠨ ᠨᠡᠭᠡᠭᠡᠯᠲᠡ᠎ᠶᠢᠨ ᠱᠢᠰᠲᠧᠮ᠎ᠢ ᠪᠠᠢᠭᠤᠯᠤᠨ ᠳᠡᠬᠦᠯᠳᠡᠷᠵᠢᠬᠦᠯᠦᠨ᠎ᠡ᠃

  ᠭᠤᠴᠢᠨ ᠬᠤᠶᠠᠳᠤᠭᠠᠷ ᠵᠦᠢᠯ  ᠨᠡᠢᠲᠡ᠎ᠶᠢᠨ ᠠᠰᠠᠷᠠᠮᠵᠢ᠎ᠶᠢᠨ ᠲᠦᠷᠦᠯ᠎ᠤᠨ ᠱᠢᠨᠵᠢᠯᠡᠬᠦ ᠣᠬᠠᠭᠠᠨ ᠮᠡᠷᠭᠡᠵᠢᠯ᠎ᠤᠨ ᠰᠣᠳᠤᠯᠭᠠᠨ ᠨᠡᠭᠡᠭᠡᠯᠲᠡ᠎ᠶᠢᠨ ᠪᠠᠢᠭᠤᠯᠤᠮᠵᠢ᠎ᠨᠢ ᠨᠡᠢᠭᠡᠮ᠎ᠤᠨ ᠨᠡᠢᠲᠡ᠎ᠶᠢᠨ ᠠᠰᠠᠷᠠᠮᠵᠢ᠎ᠶᠢᠨ ᠦᠢᠯᠡᠴᠢᠯᠡᠭᠡᠨ᠎ᠤ ᠴᠢᠭᠯᠡᠯᠲᠡ᠎ᠶᠢ ᠪᠠᠷᠢᠮᠲᠠᠯᠠᠵᠤ᠂ ᠨᠡᠢᠭᠡᠮ ᠨᠡᠢᠲᠡ᠎ᠶᠢᠨ ᠬᠦᠷᠢᠶ᠎ᠡ ᠬᠡᠪᠴᠢᠶᠠᠨ᠎ᠤ ᠣᠨᠴᠠᠯᠢᠭ᠎ᠲᠤ ᠵᠣᠬᠢᠴᠠᠬᠤ ᠱᠢᠨᠵᠢᠯᠡᠬᠦ ᠣᠬᠠᠭᠠᠨ ᠮᠡᠷᠭᠡᠵᠢᠯ᠎ᠤᠨ ᠱᠢᠨ᠎ᠡ᠎ᠶᠢ ᠡᠬᠦᠳᠬᠦ ᠲᠣᠯᠭᠠᠭᠤᠷᠢ ᠲᠣᠭᠲᠠᠯᠴᠠᠭ᠎ᠠ᠎ᠶᠢ ᠪᠠᠢᠭᠤᠯᠬᠤ ᠭᠡᠷᠡᠭᠲᠠᠢ᠃

  ᠰᠠᠭᠤᠷᠢ ᠰᠣᠳᠤᠯᠭᠠᠨ᠎ᠤ ᠲᠦᠷᠦᠯ᠎ᠤᠨ ᠱᠢᠨᠵᠢᠯᠡᠬᠦ ᠣᠬᠠᠭᠠᠨ ᠮᠡᠷᠭᠡᠵᠢᠯ᠎ᠤᠨ ᠰᠣᠳᠤᠯᠭᠠᠨ ᠨᠡᠭᠡᠭᠡᠯᠲᠡ᠎ᠶᠢᠨ ᠪᠠᠢᠭᠤᠯᠤᠮᠵᠢ᠎ᠨᠢ ᠣᠯᠤᠰ ᠪᠠ ᠦᠪᠡᠷᠲᠡᠭᠡᠨ ᠵᠠᠰᠠᠬᠤ ᠣᠷᠤᠨ᠎ᠤ ᠪᠠᠢᠯᠳᠤᠬᠤ ᠪᠣᠳᠤᠯᠭ᠎ᠠ᠎ᠶᠢᠨ ᠬᠡᠷᠡᠭᠴᠡᠭᠡ ᠵᠢᠴᠢ ᠱᠢᠨᠵᠢᠯᠡᠬᠦ ᠣᠬᠠᠭᠠᠨ᠎ᠤ ᠡᠮᠦᠨ᠎ᠡ ᠹᠷᠤᠨᠲ᠎ᠶᠢᠨ ᠠᠰᠠᠭᠤᠳᠠᠯ᠎ᠢ ᠦᠨᠳᠦᠰᠦᠯᠡᠵᠤ᠂ ᠱᠢᠨ᠎ᠡ᠎ᠶᠢ ᠡᠬᠦᠳᠬᠦ ᠠᠮᠢᠵᠢᠷᠠᠯ᠎ᠤᠨ ᠬᠦᠴᠦᠨ᠎ᠢ ᠬᠦᠭᠵᠢᠬᠡᠬᠦ᠎ᠳᠤ ᠠᠱᠢᠭᠲᠠᠢ ᠠᠩᠬᠠᠨ᠎ᠤ ᠱᠢᠨ᠎ᠡ᠎ᠶᠢ ᠡᠬᠦᠳᠬᠦ ᠴᠢᠳᠠᠪᠦᠷᠢ᠎ᠶᠢ ᠳᠡᠭᠡᠭᠱᠢᠯᠡᠬᠦᠯᠬᠦ ᠠᠵᠢᠯᠯᠠᠭᠠᠨ᠎ᠤ ᠲᠣᠭᠲᠠᠯᠴᠠᠭ᠎ᠠ᠎ᠶᠢ ᠲᠡᠬᠦᠯᠳᠡᠷᠵᠢᠬᠦᠯᠬᠦ ᠬᠡᠷᠡᠭᠲᠠᠢ᠃

  ᠮᠡᠷᠭᠡᠵᠢᠯ᠎ᠤᠨ ᠨᠡᠭᠡᠭᠡᠯᠲᠡ᠎ᠶᠢᠨ ᠲᠦᠷᠦᠯ᠎ᠤᠨ ᠱᠢᠨᠵᠢᠯᠡᠬᠦ ᠣᠬᠠᠭᠠᠨ ᠮᠡᠷᠭᠡᠵᠢᠯ᠎ᠤᠨ ᠰᠣᠳᠤᠯᠭᠠᠨ ᠨᠡᠭᠡᠭᠡᠯᠲᠡ᠎ᠶᠢᠨ ᠪᠠᠢᠭᠤᠯᠤᠮᠵᠢ᠎ᠨᠢ ᠠᠵᠤ ᠠᠬᠤᠢᠯᠠᠯᠴᠢᠯᠠᠬᠤ ᠪᠠᠢᠭᠤᠯᠤᠮᠵᠢ᠎ᠶᠢᠨ ᠬᠤᠪᠢᠷᠠᠯᠲᠠ᠎ᠶᠢᠨ ᠴᠢᠭᠯᠡᠯ᠎ᠢ ᠪᠠᠷᠢᠮᠲᠠᠯᠠᠵᠤ᠂ ᠣᠳᠤ ᠦᠶ᠎ᠡ᠎ᠶᠢᠨ ᠠᠵᠤ ᠠᠬᠤᠢᠯᠠᠯ᠎ᠤᠨ ᠳᠦᠷᠢᠮ᠎ᠢ ᠲᠡᠬᠦᠯᠳᠡᠷᠵᠢᠬᠦᠯᠵᠤ᠂ ᠵᠠᠬ᠎ᠠ ᠳᠡᠯᠭᠡᠭᠦᠷ᠎ᠢᠶᠠᠷ ᠤᠳᠤᠷᠢᠳᠤᠮᠵᠢ ᠪᠣᠯᠭᠠᠭᠰᠠᠨ ᠮᠡᠷᠭᠡᠵᠢᠯ᠎ᠦᠨ ᠱᠢᠨ᠎ᠡ᠎ᠶᠢ ᠡᠭᠦᠳᠬᠦ ᠲᠣᠭᠲᠠᠯᠴᠠᠭ᠎ᠠ᠎ᠶᠢ ᠪᠠᠢᠭᠤᠯᠬᠤ ᠬᠡᠷᠡᠭᠲᠡᠢ᠃

  ᠭᠤᠴᠢᠨ ᠭᠤᠷᠪᠠᠳᠤᠭᠠᠷ ᠵᠦᠢᠯ  ᠣᠷᠤᠨ᠎ᠤ ᠭᠠᠳᠠᠨᠠᠬᠢ ᠪᠠ ᠦᠪᠡᠷᠲᠡᠭᠡᠨ ᠵᠠᠰᠠᠬᠤ ᠣᠷᠤᠨ᠎ᠳᠤ ᠰᠠᠭᠤᠭ᠎ᠠ ᠲᠦᠪ᠎ᠤᠨ ᠱᠢᠨᠵᠢᠯᠡᠬᠦ ᠣᠬᠠᠭᠠᠨ ᠮᠡᠷᠭᠡᠵᠢᠯ᠎ᠤᠨ ᠰᠣᠳᠤᠯᠭᠠᠨ ᠨᠡᠭᠡᠭᠡᠯᠲᠡ᠎ᠶᠢᠨ ᠪᠠᠢᠭᠤᠯᠤᠮᠵᠢ᠎ᠶᠢᠨ ᠦᠪᠡᠷᠲᠡᠭᠡᠨ ᠵᠠᠰᠠᠬᠤ ᠣᠷᠤᠨ᠎ᠳᠤ ᠪᠠᠢᠭᠤᠯᠤᠮᠵᠢ ᠪᠠᠢᠭᠤᠯᠵᠤ᠂ ᠦᠪᠡᠷᠲᠡᠭᠡᠨ ᠵᠠᠰᠠᠬᠤ ᠣᠷᠤᠨ᠎ᠤ ᠱᠢᠨᠵᠢᠯᠡᠬᠦ ᠣᠬᠠᠭᠠᠨ ᠮᠡᠷᠭᠡᠵᠢᠯ᠎ᠤᠨ ᠰᠣᠳᠤᠯᠭᠠᠨ ᠨᠡᠭᠡᠭᠡᠯᠲᠡ᠎ᠳᠤ ᠣᠷᠤᠯᠴᠠᠬᠤ᠎ᠶᠢ ᠵᠣᠷᠢᠭᠵᠢᠭᠤᠯᠤᠨ᠎ᠠ᠃

  ᠨᠡᠢᠭᠡᠮ᠎ᠤᠨ ᠬᠦᠴᠦᠨ᠎ᠤ ᠦᠪᠡᠷᠲᠡᠭᠡᠨ ᠵᠠᠰᠠᠬᠤ ᠣᠷᠤᠨ᠎ᠳᠤ ᠬᠠᠤᠯᠢ ᠶᠣᠰᠤ᠎ᠪᠡᠷ ᠱᠢᠨᠵᠢᠯᠡᠬᠦ ᠣᠬᠠᠭᠠᠨ ᠮᠡᠷᠭᠡᠵᠢᠯ᠎ᠤᠨ ᠰᠤᠳᠤᠯᠭᠠᠨ ᠨᠡᠭᠡᠭᠡᠯᠲᠡ᠎ᠶᠢᠨ ᠪᠠᠢᠭᠤᠯᠤᠮᠵᠢ ᠡᠭᠦᠳᠦᠨ ᠪᠠᠢᠭᠤᠯᠬᠤ᠎ᠶᠢ ᠵᠣᠷᠢᠭᠵᠢᠭᠤᠯᠤᠨ᠎ᠠ᠃

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ᠎ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ᠎ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ᠎ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠩᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604