ᠦᠪᠤᠷ ᠮᠣᠩᠭᠤᠯ᠎ᠤᠨ ᠦᠪᠡᠷᠲᠡᠭᠡᠨ ᠵᠠᠰᠠᠬᠤ ᠣᠷᠤᠨ᠎ᠤ ᠱᠢᠨᠵᠢᠯᠡᠬᠦ ᠣᠬᠠᠭᠠᠨ ᠮᠡᠷᠭᠡᠵᠢᠯ᠎ᠤᠨ ᠲᠠᠪᠱᠢᠯᠲᠠ᠎ᠶᠢᠨ ᠳᠦᠷᠢᠮ (ᠵᠢᠷᠭᠤᠳᠤᠭᠠᠷ ᠪᠦᠯᠦᠭ)
2020.03.16

(1996᠎ᠣᠨ᠎ᠤ 6᠎ᠳᠤᠭᠠᠷ ᠰᠠᠷ᠎ᠠ᠎ᠶᠢᠨ 1 ᠎ᠤ ᠡᠳᠦᠷ ᠦᠪᠤᠷ ᠮᠤᠩᠭᠤᠯ᠎ᠤᠨ ᠦᠪᠠᠷᠳᠡᠭᠡᠨ ᠵᠠᠰᠠᠬᠤ ᠤᠷᠤᠨ᠎ᠤ ᠨᠠᠢ᠍ᠮᠠᠳᠤᠭᠠᠷ ᠬᠤᠭᠤᠴᠠᠭᠠᠨ᠎ᠤ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢᠩᠭᠤ᠎ᠶᠢᠨ ᠬᠤᠷᠢᠶ᠎ᠠ᠎ᠶᠢᠨ ᠬᠤᠶᠠᠳᠤᠭᠠᠷ ᠬᠤᠷᠠᠯ᠎ᠠᠴᠠ ᠪᠠᠳᠤᠯᠠᠵᠦ᠂ 2014 ᠣᠨ᠎ᠤ 5᠎ᠳᠤᠭᠠᠷ ᠰᠠᠷ᠎ᠠ᠎ᠶᠢᠨ 9᠎ᠤ ᠡᠳᠦᠷ ᠦᠪᠤᠷ ᠮᠤᠩᠭᠤᠯ᠎ᠤᠨ ᠦᠪᠠᠷᠳᠡᠭᠡᠨ ᠵᠠᠰᠠᠬᠤ ᠤᠷᠤᠨ᠎ᠤ ᠠᠷᠪᠠᠨ ᠬᠤᠶᠠᠳᠤᠭᠠᠷ ᠬᠤᠭᠤᠴᠠᠭᠠᠨ᠎ᠤ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢᠩᠭᠤ᠎ᠶᠢᠨ ᠬᠤᠷᠢᠶ᠎ᠠ᠎ᠶᠢᠨ ᠠᠷᠪᠠᠳᠤᠭᠠᠷ ᠬᠤᠷᠠᠯ᠎ᠠᠴᠠ ᠵᠠᠰᠠᠪᠤᠷᠢ ᠤᠷᠤᠭᠤᠯᠪᠠ)

 

    ᠵᠢᠷᠭᠤᠳᠤᠭᠠᠷ ᠪᠦᠯᠦᠭ  ᠱᠢᠨᠵᠢᠯᠡᠬᠦ ᠣᠬᠠᠭᠠᠨ ᠮᠡᠷᠭᠡᠵᠢᠯ᠎ᠤᠨ ᠠᠵᠢᠯᠲᠠᠨ

 

  ᠭᠤᠴᠢᠨ ᠲᠥᠷᠪᠡᠳᠦᠭᠡᠷ ᠵᠦᠢᠯ  ᠬᠤᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠨᠢ ᠱᠢᠨᠵᠢᠯᠡᠬᠦ ᠣᠬᠠᠭᠠᠨ ᠮᠡᠷᠭᠡᠵᠢᠯ᠎ᠤᠨ ᠴᠢᠳᠠᠪᠦᠷᠢᠲᠠᠨ᠎ᠢ ᠬᠦᠭᠵᠢᠬᠦᠯᠬᠦ ᠲᠥᠯᠦᠪᠵᠢᠭᠦᠯᠭᠡ ᠲᠣᠭᠲᠠᠭᠠᠵᠤ᠂ ᠱᠢᠨᠵᠢᠯᠡᠬᠦ ᠣᠬᠠᠭᠠᠨ ᠮᠡᠷᠭᠡᠵᠢᠯ᠎ᠤᠨ ᠴᠢᠳᠠᠪᠦᠷᠢᠲᠠᠨ᠎ᠢ ᠬᠥᠮᠦᠵᠢᠭᠦᠯᠬᠦ᠂ ᠣᠷᠤᠭᠤᠯᠬᠤ᠂ ᠬᠡᠷᠡᠭᠯᠡᠬᠦ᠂ ᠱᠢᠯᠵᠢᠭᠦᠯᠬᠦ᠂ ᠦᠨᠡᠯᠡᠬᠦ ᠵᠡᠷᠭᠡ ᠳᠦᠷᠢᠮ᠎ᠢ ᠪᠠᠢᠭᠤᠯᠤᠨ ᠲᠡᠭᠦᠯᠳᠡᠷᠵᠢᠭᠦᠯᠵᠦ᠂ ᠴᠦ᠋ᠬᠡᠨ ᠲᠣᠭᠠᠲᠤ ᠦᠨᠳᠦᠰᠦᠲᠡᠨ᠎ᠤ ᠱᠢᠨᠵᠢᠯᠡᠬᠦ ᠤᠬᠠᠭᠠᠨ ᠮᠡᠷᠭᠡᠵᠢᠯ᠎ᠦᠨ ᠴᠢᠳᠠᠪᠦᠷᠢᠲᠡᠨ᠎ᠤ ᠬᠥᠮᠦᠵᠢᠯ᠎ᠢ ᠴᠢᠬᠤᠯᠠᠴᠢᠯᠠᠨ ᠴᠢᠩᠭᠠᠳᠭᠠᠵᠤ᠂ ᠱᠢᠨᠵᠢᠯᠡᠬᠦ ᠣᠬᠠᠭᠠᠨ ᠮᠡᠷᠭᠡᠵᠢᠯ᠎ᠤᠨ ᠴᠢᠳᠠᠪᠦᠷᠢᠲᠠᠨ᠎ᠤ ᠡᠩᠨᠡᠭᠡᠨ᠎ᠤ ᠪᠦᠲᠦᠭᠡᠨ ᠪᠠᠢᠭᠤᠯᠤᠯᠲᠠ᠎ᠳᠤ ᠦᠢᠯᠡᠴᠢᠯᠡᠭᠡ ᠪᠠ ᠪᠠᠲᠤᠯᠠᠭ᠎ᠠ ᠬᠠᠩᠭᠠᠬᠤ ᠭᠡᠷᠡᠭᠲᠠᠢ᠃

  ᠭᠤᠴᠢᠨ ᠲᠠᠪᠤᠳᠤᠭᠠᠷ ᠵᠦᠢᠯ  ᠬᠤᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ ᠪᠠ ᠠᠵᠤ ᠠᠬᠤᠢᠯᠠᠯ ᠵᠡᠷᠭᠡ ᠠᠵᠤ ᠦᠢᠯᠡᠰ᠎ᠤᠨ ᠵᠣᠬᠢᠶᠠᠨ ᠪᠠᠢᠭᠤᠯᠤᠯᠲᠠ᠎ᠨᠢ ᠬᠤᠪᠤᠷ ᠴᠣᠬᠠᠭ ᠬᠡᠯᠪᠡᠷᠢ᠎ᠶᠢᠨ ᠱᠢᠨᠵᠢᠯᠡᠬᠦ ᠣᠬᠠᠭᠠᠨ ᠮᠡᠷᠭᠡᠵᠢᠯ᠎ᠤᠨ ᠠᠵᠢᠯᠲᠠᠨ᠎ᠢ ᠬᠦᠮᠦᠵᠢᠬᠦᠯᠬᠦ ᠪᠠ ᠣᠷᠤᠭᠤᠯᠵᠤ᠂ ᠦᠨᠳᠦᠷ ᠳᠠᠪᠬᠤᠷᠭ᠎ᠠ᠎ᠶᠢᠨ ᠱᠢᠨᠵᠢᠯᠡᠬᠦ ᠣᠬᠠᠭᠠᠨ ᠮᠡᠷᠭᠡᠵᠢᠯ᠎ᠤᠨ ᠠᠵᠢᠯᠲᠠᠨ᠎ᠤ ᠱᠢᠨ᠎ᠡ᠎ᠶᠢ ᠡᠬᠦᠳᠴᠤ ᠠᠳᠠᠯ ᠪᠣᠰᠭᠠᠬᠤ᠎ᠶᠢ ᠵᠣᠷᠢᠭᠵᠢᠭᠤᠯᠤᠨ ᠳᠡᠮᠵᠢᠵᠤ᠂ ᠳᠣᠪᠤᠢᠮ᠎ᠠ ᠬᠤᠪᠢ ᠨᠡᠮᠡᠷᠢ ᠭᠠᠷᠭᠠᠭᠰᠠᠨ ᠱᠢᠨᠵᠢᠯᠡᠬᠦ ᠣᠬᠠᠭᠠᠨ ᠮᠡᠷᠭᠡᠵᠢᠯ᠎ᠤᠨ ᠠᠵᠢᠯᠲᠠᠨ᠎ᠳᠤ ᠡᠯᠪᠡᠭ ᠬᠦᠷᠲᠡᠮᠵᠢ ᠣᠯᠭᠤᠬᠤ ᠬᠡᠷᠡᠭᠲᠠᠢ᠃

  ᠭᠤᠴᠢᠨ ᠵᠢᠷᠭᠤᠳᠤᠭᠠᠷ ᠵᠦᠢᠯ  ᠠᠵᠤ ᠠᠬᠤᠢᠯᠠᠯ᠎ᠨᠢ ᠰᠲ᠋ᠤᠺ᠎ᠤᠨ ᠡᠷᠭᠡ᠎ᠶᠢᠨ ᠬᠦᠬᠢᠬᠦᠯᠦᠯ᠂ ᠰᠲ᠋ᠤᠺ᠎ᠤᠨ ᠡᠷᠭᠡ᠎ᠶᠢ ᠬᠤᠳᠠᠯᠳᠤᠬᠤ᠂ ᠰᠲ᠋ᠤᠺ᠎ᠤᠨ ᠬᠤᠭᠤᠴᠠᠭᠠᠲᠤ ᠡᠷᠭᠡ᠂ ᠣᠷᠤᠯᠭ᠎ᠠ ᠬᠤᠪᠢᠶᠠᠵᠤ ᠵᠣᠷᠢᠭᠵᠢᠭᠤᠯᠬᠤ ᠵᠡᠷᠭᠡᠠᠷᠭ᠎ᠠ ᠬᠡᠯᠪᠡᠷᠢ᠎ᠪᠠᠷ ᠲᠤᠱᠢᠶᠠᠯ᠎ᠤᠨ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠢ ᠭᠦᠢᠴᠡᠳᠭᠡᠭᠰᠡᠨ ᠬᠥᠮᠦᠨ᠎ᠳᠤ ᠪᠣᠳᠠᠰ᠎ᠤᠨ ᠬᠥᠬᠢᠭᠦᠯᠦᠯ ᠬᠦᠷᠲᠡᠭᠡᠵᠦ ᠪᠣᠯᠤᠨ᠎ᠠ

  ᠭᠤᠴᠢᠨ ᠲᠤᠯᠤᠳᠤᠭᠠᠷ ᠵᠦᠢᠯ  ᠳᠡᠭᠡᠲᠦ ᠵᠡᠷᠭᠡ᠎ᠶᠢᠨ ᠰᠣᠷᠭᠠᠭᠤᠯᠢ᠂ ᠡᠳ᠎ᠤ ᠵᠠᠰᠠᠭ᠎ᠤᠨ ᠴᠢᠨᠠᠷᠲᠠᠢ ᠪᠡᠯᠡ ᠮᠦᠩᠬᠦ᠎ᠶᠢ ᠠᠱᠢᠭᠯᠠᠵᠤ ᠪᠠᠢᠭᠤᠯᠤᠭᠰᠠᠨ ᠱᠢᠨᠵᠢᠯᠡᠬᠦ ᠣᠬᠠᠭᠠᠨ ᠮᠡᠷᠭᠡᠵᠢᠯ᠎ᠤᠨ ᠰᠣᠳᠤᠯᠭᠠᠨ ᠨᠡᠭᠡᠭᠡᠯᠲᠡ᠎ᠶᠢᠨ ᠪᠠᠢᠭᠤᠯᠤᠮᠵᠢ᠎ᠨᠢ ᠮᠡᠷᠭᠡᠵᠢᠯ ᠱᠢᠯᠵᠢᠬᠦᠯᠦᠨ ᠦᠭᠬᠦ ᠬᠡᠯᠪᠡᠷᠢ᠎ᠪᠠᠷ ᠲᠣᠱᠢᠶᠠᠯ᠎ᠤᠨ ᠱᠢᠨᠵᠢᠯᠡᠬᠦ ᠣᠬᠠᠭᠠᠨ ᠮᠡᠷᠭᠡᠵᠢᠯ᠎ᠤᠨ ᠦᠷ᠎ᠡ ᠪᠦᠲᠦᠭᠡᠯ᠎ᠢ ᠪᠣᠰᠤᠳ᠎ᠲᠤ ᠦᠭᠴᠤ ᠬᠡᠷᠡᠭᠵᠢᠬᠦᠯᠦᠭᠰᠡᠨ ᠪᠣᠯ᠂ ᠮᠡᠷᠭᠡᠵᠢᠯ ᠱᠢᠯᠵᠢᠬᠦᠯᠦᠨ ᠦᠭᠬᠦ᠎ᠳᠤ ᠣᠯᠤᠭᠰᠠᠨ ᠴᠡᠪᠡᠷ ᠣᠷᠤᠯᠭ᠎ᠠ᠎ᠶᠢᠨ ᠵᠠᠭᠤᠨ᠎ᠤ ᠭᠤᠴᠢ᠎ᠠᠴᠠ ᠲᠣᠷᠤᠭᠱᠢ ᠪᠠᠢᠵᠤ ᠪᠣᠯᠬᠤ᠎ᠦᠭᠡᠢ᠂ ᠵᠠᠭᠤᠨ᠎ᠤ ᠲᠠᠯᠠ᠎ᠠᠴᠠ ᠬᠡᠲᠦᠷᠡᠬᠦ᠎ᠦᠭᠡᠢ ᠬᠠᠷᠢᠴᠠᠯ᠎ᠢᠶᠠᠷ ᠭᠠᠷᠭᠠᠨ ᠠᠪᠴᠤ᠂ ᠱᠢᠨᠵᠢᠯᠡᠬᠦ ᠣᠬᠠᠭᠠᠨ ᠮᠡᠷᠭᠡᠵᠢᠯ᠎ᠤᠨ ᠦᠷ᠎ᠡ ᠪᠦᠲᠦᠭᠡᠯ᠎ᠢ ᠭᠦᠢᠴᠡᠳᠭᠡᠭᠰᠡᠨ ᠬᠦᠮᠦᠨ ᠪᠠ ᠱᠢᠨᠵᠢᠯᠡᠬᠦ ᠣᠬᠠᠭᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠤᠯᠠᠷᠢᠭᠤᠯᠤᠯᠲᠠ᠎ᠳᠤ  ᠴᠢᠬᠤᠯᠠ ᠬᠤᠪᠢ ᠨᠡᠮᠡᠷᠢ ᠦᠵᠡᠬᠦᠯᠦᠭᠰᠡᠨ ᠬᠦᠮᠦᠨ᠎ᠳᠤ ᠨᠢᠭᠡ᠎ᠯᠠ ᠣᠳᠠᠭ᠎ᠠ᠎ᠶᠢᠨ ᠴᠢᠨᠠᠷᠲᠠᠢ ᠬᠦᠬᠢᠬᠦᠯᠬᠦ᠎ᠳᠤ ᠬᠡᠷᠡᠭᠯᠡᠵᠤ ᠪᠣᠯᠤᠨ᠎ᠠ; ᠬᠤᠪᠢ ᠣᠷᠤᠭᠤᠯᠬᠤ ᠳᠦᠷᠢᠮ᠎ᠤᠨ ᠬᠡᠯᠪᠡᠷᠢ᠎ᠪᠠᠷ ᠣᠯᠠᠷᠢᠭᠤᠯᠤᠯᠲᠠ᠎ᠶᠢ ᠬᠡᠷᠡᠭᠵᠢᠬᠦᠯᠦᠭᠰᠡᠨ ᠪᠣᠯ᠂ ᠱᠢᠨᠵᠢᠯᠡᠬᠦ ᠣᠬᠠᠭᠠᠨ ᠮᠡᠷᠭᠡᠵᠢᠯ᠎ᠤᠨ ᠦᠷ᠎ᠡ ᠪᠦᠲᠦᠭᠡᠯ᠎ᠢᠶᠠᠷ ᠰᠲ᠋ᠤᠺ᠎ᠤᠨ ᠡᠷᠭᠡ ᠪᠣᠯᠤᠨ ᠪᠦᠷᠢᠯᠳᠦᠭᠰᠡᠨ ᠬᠡᠰᠡᠭ᠎ᠤᠨ ᠵᠠᠭᠤᠨ᠎ᠤ ᠭᠤᠴᠢ᠎ᠠᠴᠠ ᠲᠣᠷᠤᠭᠱᠢ ᠪᠠᠢᠵᠤ ᠪᠣᠯᠬᠤ᠎ᠦᠭᠡᠢ ᠵᠠᠭᠤᠨ᠎ᠤ ᠲᠠᠯᠠ᠎ᠠᠴᠠ ᠬᠡᠲᠦᠷᠡᠬᠦ᠎ᠦᠭᠡᠢ ᠬᠡᠰᠡᠭ᠎ᠢ ᠱᠢᠨᠵᠢᠯᠡᠬᠦ ᠣᠬᠠᠭᠠᠨ ᠮᠡᠷᠭᠡᠵᠢᠯ᠎ᠤᠨ ᠦᠷ᠎ᠡ ᠪᠦᠲᠦᠭᠡᠯ᠎ᠢ ᠭᠦᠢᠴᠡᠳᠭᠡᠭᠰᠡᠨ ᠬᠦᠮᠦᠨ ᠪᠠ ᠱᠢᠨᠵᠢᠯᠡᠬᠦ ᠣᠬᠠᠭᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠣᠯᠠᠷᠢᠭᠤᠯᠤᠯᠲᠠ᠎ᠳᠤ ᠴᠢᠬᠤᠯᠠ ᠬᠤᠪᠢ ᠨᠡᠮᠡᠷᠢ ᠦᠵᠡᠬᠦᠯᠦᠭᠰᠡᠨ ᠬᠦᠮᠦᠨ᠎ᠳᠤ ᠬᠦᠬᠢᠬᠦᠯᠦᠨ ᠦᠭᠴᠦ ᠪᠣᠯᠤᠨ᠎ᠠ᠃

  ᠳᠡᠭᠡᠲᠦ ᠵᠡᠷᠭᠡ᠎ᠶᠢᠨ ᠰᠣᠷᠭᠠᠭᠤᠯᠢ᠂ ᠱᠢᠨᠵᠢᠯᠡᠬᠦ ᠣᠬᠠᠭᠠᠨ ᠮᠡᠷᠭᠡᠵᠢᠯ᠎ᠤᠨ ᠰᠣᠳᠤᠯᠭᠠᠨ ᠨᠡᠭᠡᠭᠡᠯᠲᠠ᠎ᠶᠢᠨ ᠪᠠᠢᠭᠤᠯᠤᠮᠵᠢ ᠵᠠᠰᠠᠭ᠎ᠤᠨ ᠣᠷᠳᠤᠨ᠎ᠤ ᠡᠷᠳᠡᠮ ᠱᠢᠵᠢᠯᠡᠭᠡᠨ᠎ᠤ ᠲᠦᠷᠦᠯ ᠵᠦᠢᠯ᠎ᠢ ᠡᠬᠦᠷᠭᠡᠯᠡᠬᠦ᠎ᠳᠤ ᠪᠦᠷᠢᠯᠳᠦᠭᠰᠡᠨ ᠲᠣᠱᠢᠶᠠᠯ᠎ᠤᠨ ᠱᠢᠨᠵᠢᠯᠡᠬᠦ ᠣᠬᠠᠭᠠᠨ ᠮᠡᠷᠭᠡᠵᠢᠯ᠎ᠤᠨ ᠦᠷ᠎ᠡ ᠪᠦᠲᠦᠭᠡᠯ᠎ᠨᠢ᠂ ᠨᠢᠭᠡ ᠵᠢᠯ᠎ᠤᠨ ᠲᠣᠲᠤᠷ᠎ᠠ ᠣᠯᠠᠷᠢᠨ ᠬᠡᠷᠡᠭᠵᠢᠬᠦᠯᠦᠭᠳᠡᠭᠰᠡᠨ᠎ᠦᠭᠡᠢ ᠪᠣᠯ᠂ ᠲᠣᠱᠢᠶᠠᠯ᠎ᠤᠨ ᠱᠢᠨᠵᠢᠯᠡᠬᠦ ᠣᠬᠠᠭᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠡᠷᠭᠡ ᠬᠠᠷᠢᠶ᠎ᠠ᠎ᠶᠢ ᠬᠤᠪᠢᠷᠠᠭᠤᠯᠬᠤ᠎ᠦᠭᠡᠢ ᠣᠷᠢᠳᠠᠴᠢ ᠨᠦᠬᠦᠴᠡᠯ ᠲᠣᠤᠷ᠎ᠠ᠂ ᠱᠢᠨᠵᠢᠯᠡᠬᠦ ᠣᠬᠠᠭᠠᠨ ᠮᠡᠷᠭᠡᠵᠢᠯ᠎ᠤᠨ ᠦᠷ᠎ᠡ ᠪᠦᠲᠦᠭᠡᠯ᠎ᠢ ᠭᠦᠢᠴᠡᠳᠬᠡᠭᠰᠡᠨ ᠬᠦᠮᠦᠨ᠎ᠨᠢ ᠠᠵᠤ ᠠᠬᠤᠢᠯᠠᠯ᠎ᠢ ᠡᠬᠦᠳᠦᠨ ᠪᠠᠢᠭᠤᠯᠬᠤ ᠪᠣᠶᠤ ᠮᠡᠷᠭᠡᠵᠢᠯ᠎ᠢᠶᠠᠷ ᠬᠤᠪᠢ ᠣᠷᠤᠭᠤᠯᠬᠤ ᠬᠡᠯᠪᠡᠷᠢ᠎ᠪᠠᠷ ᠦᠪᠡᠷᠲᠡᠭᠡᠨ ᠵᠠᠰᠠᠬᠤ ᠣᠷᠤᠨ᠎ᠳᠤ ᠠᠵᠤ ᠦᠢᠯᠡᠰᠵᠢᠬᠦᠯᠦᠨ ᠣᠯᠠᠷᠢᠭᠤᠯᠬᠤ᠎ᠶᠢᠨ ᠬᠠᠮᠲᠤ ᠬᠠᠮᠤᠭ ᠶᠡᠭᠡ᠎ᠳᠤ᠎ᠪᠠᠨ ᠲᠣᠰ ᠱᠢᠨᠵᠢᠯᠡᠬᠦ ᠣᠬᠠᠭᠠᠨ ᠮᠡᠷᠭᠡᠵᠢᠯ᠎ᠤᠨ ᠦᠷ᠎ᠡ ᠪᠦᠲᠦᠭᠡᠯ᠎ᠨᠢ ᠠᠵᠤ ᠠᠬᠤᠢᠯᠠᠯ᠎ᠤᠨ ᠰᠲ᠋ᠤᠺ᠎ᠤᠨ ᠡᠷᠭᠡ᠎ᠶᠢᠨ ᠵᠠᠭᠤᠨ᠎ᠤ ᠳᠠᠯᠠ᠎ᠶᠢ ᠤᠯᠵᠤ ᠪᠣᠯᠤᠨ᠎ᠠ᠃

  ᠠᠵᠤ ᠠᠬᠤᠢᠯᠠᠯ᠎ᠨᠢ ᠲᠣᠰ ᠳᠦᠷᠢᠮ᠎ᠤᠨ ᠨᠢᠭᠡᠳᠦᠭᠡᠷ ᠪᠠᠳᠠᠭ᠎ᠤᠨ ᠲᠣᠭᠲᠠᠭᠠᠯ᠎ᠢᠶᠠᠷ ᠯᠠᠪᠯᠠᠯᠲᠠ ᠪᠣᠯᠭᠠᠵᠤ᠂ ᠱᠢᠨᠵᠢᠯᠡᠬᠦ ᠣᠬᠠᠭᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠰᠣᠳᠤᠯᠭᠠᠨ ᠨᠡᠭᠡᠭᠡᠯᠲᠡ᠂ ᠣᠯᠠᠷᠢᠭᠤᠯᠤᠯᠲᠠ᠎ᠶᠢ ᠬᠡᠷᠡᠭᠵᠢᠬᠦᠯᠬᠦ ᠲᠣᠮᠲᠠ ᠴᠢᠬᠤᠯᠠ ᠬᠤᠪᠢ ᠨᠡᠮᠡᠷᠢ ᠦᠵᠡᠬᠦᠯᠦᠭᠰᠡᠨ ᠬᠦᠮᠦᠨ᠎ᠳᠤ ᠬᠦᠬᠢᠬᠦᠯᠦᠯ ᠬᠦᠷᠲᠡᠭᠡᠵᠤ ᠪᠣᠯᠤᠨ᠎ᠠ᠃

  ᠭᠤᠴᠢᠨ ᠨᠠᠢ᠍ᠮᠠᠳᠤᠭᠠᠷ ᠵᠦᠢᠯ  ᠬᠢᠯᠢ᠎ᠶᠢᠨ ᠭᠠᠳᠠᠨ᠎ᠠ᠂ ᠦᠪᠡᠷᠲᠡᠭᠡᠨ ᠵᠠᠰᠠᠬᠤ ᠣᠷᠤᠨ᠎ᠤ ᠭᠠᠳᠠᠨ᠎ᠠ᠎ᠠᠴᠠ ᠣᠷᠤᠭᠤᠯᠤᠭᠰᠠᠨ ᠦᠨᠳᠦᠷ ᠳᠠᠪᠬᠤᠷᠭ᠎ᠠ᠎ᠶᠢᠨ ᠱᠢᠨ᠎ᠡ᠎ᠶᠢ ᠡᠬᠦᠳᠬᠦ ᠠᠳᠠᠯ ᠪᠣᠰᠭᠠᠬᠤ ᠴᠢᠳᠠᠪᠦᠷᠢᠲᠠᠨ ᠪᠣᠶᠤ ᠴᠢᠬᠤᠯᠠ ᠶᠡᠭᠡ ᠱᠢᠨᠵᠢᠯᠡᠬᠦ ᠣᠬᠠᠭᠠᠨ ᠮᠡᠷᠭᠡᠵᠢᠯ᠎ᠤᠨ ᠦᠷ᠎ᠡ ᠪᠦᠲᠦᠮᠵᠢ᠎ᠪᠠᠨ ᠠᠪᠴᠤ ᠦᠪᠡᠷᠲᠡᠭᠡᠨ ᠵᠠᠰᠠᠬᠤ ᠣᠷᠤᠨ᠎ᠳᠤ ᠣᠯᠠᠷᠢᠭᠤᠯᠤᠯᠲᠠ᠎ᠶᠢ ᠨᠡᠭᠡᠭᠡᠨ ᠬᠦᠭᠵᠢᠬᠦᠯᠬᠦ᠎ᠪᠠᠷ ᠢᠷᠡᠭᠰᠡᠨ ᠱᠢᠨᠵᠢᠯᠡᠬᠦ ᠣᠬᠠᠭᠠᠨ ᠮᠡᠷᠭᠡᠵᠢᠯ᠎ᠤᠨ ᠴᠢᠳᠠᠪᠦᠷᠢᠲᠠᠨ᠎ᠨᠢ ᠣᠯᠤᠰ ᠪᠠ ᠦᠪᠡᠷᠲᠡᠭᠡᠨ ᠵᠠᠰᠠᠬᠤ ᠣᠷᠤᠨ᠎ᠤ ᠬᠤᠯᠪᠤᠭᠳᠠᠯ ᠪᠦᠬᠦᠢ ᠬᠠᠷᠠᠭᠠᠯᠵᠠᠯ᠎ᠤᠨ ᠲᠦᠷᠦ᠎ᠶᠢᠨ ᠪᠣᠳᠤᠯᠭ᠎ᠠ᠎ᠶᠢ ᠬᠦᠷᠳᠡᠨ᠎ᠡ᠃

  ᠭᠤᠴᠢ ᠶᠢᠰᠦᠳᠦᠭᠡᠷ ᠵᠦᠢᠯ  ᠱᠢᠨᠵᠢᠯᠡᠬᠦ ᠣᠬᠠᠭᠠᠨ ᠮᠡᠷᠭᠡᠵᠢᠯ᠎ᠤᠨ ᠠᠵᠢᠯᠲᠠᠨ᠎ᠢ ᠲᠦᠷᠦᠯ ᠬᠤᠪᠢᠶᠠᠨ ᠬᠢᠨᠠᠨ ᠱᠢᠯᠭᠠᠬᠤ ᠦᠨᠡᠯᠡᠯᠲᠡ᠎ᠶᠢᠨ ᠱᠢᠰᠲᠧᠮ᠎ᠢ ᠪᠠᠢᠭᠤᠯᠤᠨ ᠲᠡᠬᠦᠯᠳᠡᠷᠵᠢᠬᠦᠯᠵᠤ᠂ ᠱᠢᠨᠵᠢᠯᠡᠬᠦ ᠣᠬᠠᠭᠠᠨ ᠮᠡᠷᠭᠡᠵᠢᠯ᠎ᠤᠨ ᠠᠵᠢᠯᠲᠠᠨ᠎ᠢ ᠬᠢᠨᠠᠨ ᠱᠢᠯᠭᠠᠬᠤ ᠪᠠ ᠲᠣᠱᠢᠶᠠᠯ᠎ᠤᠨ ᠴᠣᠯᠠ᠎ᠶᠢ ᠱᠢᠯᠭᠠᠨ ᠲᠣᠭᠲᠠᠭᠠᠬᠤ ᠳᠦᠷᠢᠮ᠎ᠢ ᠬᠠᠯᠠᠨ ᠰᠠᠢᠵᠢᠷᠠᠭᠤᠯᠵᠤ᠂ ᠱᠢᠨᠵᠢᠯᠡᠬᠦ ᠣᠬᠠᠭᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠣᠯᠠᠷᠢᠭᠤᠯᠤᠯᠲᠠ ᠪᠠ ᠠᠵᠤ  ᠦᠢᠯᠡᠰᠵᠢᠯᠲᠡ᠎ᠶᠢᠨ ᠭᠦᠢᠴᠡᠳᠬᠡᠯ ᠲᠤᠭ᠎ᠠ᠎ᠶᠢᠨ ᠡᠷᠭᠡ ᠬᠦᠨᠲᠦ᠎ᠶᠢ ᠳᠡᠭᠡᠭᠱᠢᠯᠡᠬᠦᠯᠵᠤ᠂ ᠳᠡᠭᠡᠲᠦ ᠵᠡᠷᠭᠡ᠎ᠶᠢᠨ ᠰᠣᠷᠭᠠᠭᠤᠯᠢ᠂ ᠱᠢᠨᠵᠢᠯᠡᠬᠦ ᠣᠬᠠᠭᠠᠨ ᠮᠡᠷᠭᠡᠵᠢᠯ᠎ᠤᠨ ᠰᠣᠳᠤᠯᠭᠠᠨ ᠨᠡᠭᠡᠭᠡᠯᠲᠡ᠎ᠶᠢᠨ ᠪᠠᠢᠭᠤᠯᠤᠮᠵᠢ᠎ᠶᠢᠨ ᠱᠢᠨᠵᠢᠯᠡᠬᠦ ᠣᠬᠠᠭᠠᠨ ᠮᠡᠷᠭᠡᠵᠢᠯ᠎ᠤᠨ ᠠᠵᠢᠯᠲᠠᠨ᠂ ᠠᠵᠤ ᠠᠬᠤᠢᠯᠠᠯ ᠠᠵᠢᠯ ᠦᠢᠯᠡᠰ᠎ᠤᠨ ᠵᠣᠬᠢᠶᠠᠨ ᠪᠠᠢᠭᠤᠯᠤᠯᠲᠠ᠎ᠶᠢᠨ ᠨᠠᠢᠳᠠᠯᠭ᠎ᠠ᠎ᠪᠠᠷ ᠡᠬᠦᠷᠭᠡᠯᠡᠭᠰᠡᠨ ᠰᠣᠳᠤᠯᠭᠠᠨ ᠨᠡᠭᠡᠭᠡᠯᠲᠡ᠎ᠶᠢᠨ ᠰᠡᠳᠦᠪ᠎ᠢ ᠡᠷᠳᠡᠮ ᠱᠢᠨᠵᠢᠯᠡᠭᠡᠨ᠎ᠤ ᠦᠷ᠎ᠡ ᠪᠦᠲᠦᠮᠵᠢ᠎ᠶᠢ ᠬᠢᠨᠠᠨ ᠱᠢᠯᠭᠠᠬᠤ ᠠᠭᠤᠯᠭ᠎ᠠ᠎ᠳᠤ ᠣᠷᠤᠭᠤᠯᠤᠨ᠂ ᠱᠢᠨᠵᠢᠯᠡᠬᠦ ᠣᠬᠠᠭᠠᠨ ᠮᠡᠷᠭᠡᠵᠢᠯ᠎ᠤᠨ ᠰᠣᠳᠤᠯᠭᠠᠨ᠎ᠶᠢᠨ ᠦᠷ᠎ᠡ ᠪᠦᠲᠦᠭᠡᠯ᠎ᠠᠴᠠ ᠡᠬᠦᠰᠦᠭᠰᠡᠨ ᠠᠵᠤ ᠠᠬᠤᠢ᠂ ᠨᠡᠢᠭᠡᠮ ᠪᠠ ᠠᠮᠢ ᠠᠬᠤᠢ᠎ᠶᠢᠨ ᠦᠷ᠎ᠡ ᠠᠱᠢᠭ᠎ᠢ ᠭᠤᠤᠯᠳᠠᠯᠭ᠎ᠠ᠎ᠲᠠᠢ ᠬᠢᠨᠠᠨ ᠱᠢᠯᠭᠠᠵᠤ ᠦᠨᠡᠯᠡᠨ᠂ ᠱᠢᠨ᠎ᠡ᠎ᠶᠢ ᠡᠬᠦᠳᠬᠦ ᠬᠡᠯᠪᠡᠷᠢ᠎ᠶᠢᠨ ᠱᠢᠨᠵᠢᠯᠡᠬᠦ ᠣᠬᠠᠭᠠᠨ ᠮᠡᠷᠭᠡᠵᠢᠯ᠎ᠤᠨ ᠱᠢᠯᠢᠳᠡᠭ ᠠᠵᠢᠯᠲᠠᠨ᠎ᠢ ᠲᠣᠰᠭᠠᠢ ᠮᠡᠷᠭᠡᠵᠢᠯ᠎ᠤᠨ ᠲᠣᠱᠢᠶᠠᠯ ᠴᠣᠯᠠ ᠳᠡᠪᠱᠢᠭᠦᠯᠬᠦ ᠦᠶᠡᠰ᠎ᠲᠤ᠎ᠨᠢ ᠤᠷᠢᠳ᠎ᠢᠶᠠᠷ ᠪᠣᠳᠤᠯᠬᠢᠯᠠᠨ᠎ᠠ᠃

  ᠲᠦᠴᠢᠳᠦᠭᠡᠷ ᠵᠦᠢᠯ  ᠳᠡᠭᠡᠲᠦ ᠵᠡᠷᠭᠡ᠎ᠶᠢᠨ ᠰᠣᠷᠭᠠᠭᠤᠯᠢ ᠪᠠ ᠱᠢᠨᠵᠢᠯᠡᠬᠦ ᠣᠬᠠᠭᠠᠨ ᠮᠡᠷᠭᠡᠵᠢᠯ᠎ᠤᠨ ᠰᠣᠳᠤᠯᠭᠠᠨ ᠨᠡᠭᠡᠭᠡᠯᠲᠡ᠎ᠶᠢᠨ ᠪᠠᠢᠭᠤᠯᠤᠮᠵᠢ ᠱᠢᠨᠵᠢᠯᠡᠬᠦ ᠣᠬᠠᠭᠠᠨ ᠮᠡᠷᠭᠡᠵᠢᠯ᠎ᠤᠨ ᠠᠵᠢᠯᠲᠠᠨ᠎ᠢ ᠰᠣᠩᠭᠤᠨ ᠲᠣᠮᠢᠯᠠᠵᠤ᠂ ᠦᠨᠳᠦᠰᠦᠨ ᠱᠠᠲᠤ ᠪᠠ ᠠᠵᠤ ᠠᠬᠤᠢᠯᠠᠯ᠎ᠳᠤ ᠭᠦᠨᠵᠡᠭᠡᠢᠷᠡᠨ ᠱᠢᠨᠵᠢᠯᠡᠬᠦ ᠣᠬᠠᠭᠠᠨ᠎ᠤ ᠰᠣᠳᠤᠯᠭᠠᠨ᠂ ᠮᠡᠷᠭᠡᠵᠢᠯ᠎ᠤᠨ ᠱᠢᠨ᠎ᠡ᠎ᠶᠢ ᠡᠬᠦᠳᠬᠦ ᠪᠠ ᠦᠷ᠎ᠡ ᠪᠦᠲᠦᠭᠡᠯ᠎ᠢ ᠣᠯᠠᠷᠢᠭᠤᠯᠬᠤ ᠠᠵᠢᠯᠯᠠᠭ᠎ᠠ ᠦᠷᠨᠢᠬᠦᠯᠬᠦ᠎ᠶᠢ ᠵᠣᠷᠢᠭᠵᠢᠭᠤᠯᠵᠤ᠂ ᠱᠢᠨᠵᠢᠯᠡᠬᠦ ᠣᠬᠠᠭᠠᠨ ᠮᠡᠷᠭᠡᠵᠢᠯ᠎ᠤᠨ ᠠᠵᠢᠯᠲᠠᠨ ᠦᠨᠳᠦᠰᠦᠨ ᠱᠠᠲᠤᠨ᠎ᠳᠤ ᠦᠢᠯᠡᠴᠢᠯᠡᠬᠦ᠂ ᠠᠵᠤ ᠠᠬᠤᠢᠯᠠᠯ᠎ᠳᠤ ᠦᠢᠯᠡᠴᠢᠯᠡᠬᠦ ᠳᠠᠭᠠᠭᠠᠮᠠᠭᠠᠢ ᠲᠣᠭᠲᠠᠯᠴᠠᠭ᠎ᠠ ᠬᠢᠭᠡᠳ ᠬᠢᠨᠠᠨ ᠱᠢᠯᠭᠠᠬᠤ ᠦᠨᠡᠯᠡᠯᠲᠡ᠎ᠶᠢᠨ ᠲᠣᠭᠲᠠᠯᠴᠠᠭ᠎ᠠ᠎ᠶᠢ ᠪᠠᠢᠭᠤᠯᠤᠨ ᠲᠡᠬᠦᠯᠳᠡᠷᠵᠢᠬᠦᠯᠦᠨ᠎ᠡ᠃

  ᠲᠦᠴᠢᠨ ᠨᠢᠭᠡᠳᠦᠭᠡᠷ ᠵᠦᠢᠯ  ᠡᠳ᠎ᠤ ᠵᠠᠰᠠᠭ᠎ᠤᠨ ᠴᠢᠨᠠᠷᠲᠠᠢ ᠪᠡᠯᠡ ᠮᠦᠩᠬᠦ᠎ᠶᠢ ᠠᠱᠢᠭᠯᠠᠵᠤ ᠪᠠᠢᠭᠤᠯᠤᠭᠰᠠᠨ ᠱᠢᠨᠵᠢᠯᠡᠬᠦ ᠣᠬᠠᠭᠠᠨ ᠮᠡᠷᠭᠡᠵᠢᠯ᠎ᠤᠨ ᠰᠠᠭᠤᠷᠢ ᠮᠦᠩᠬᠦ᠎ᠶᠢᠨ ᠲᠦᠷᠦᠯ ᠵᠦᠢᠯ᠂ ᠱᠢᠨᠵᠢᠯᠡᠬᠦ ᠣᠬᠠᠭᠠᠨ ᠮᠡᠷᠭᠡᠵᠢᠯ᠎ᠤᠨ ᠲᠦᠯᠦᠪᠯᠡᠭᠡᠨ᠎ᠤ ᠲᠦᠷᠦᠯ ᠵᠦᠢᠯ᠎ᠤᠨ ᠬᠠᠮᠢᠶᠠᠷᠤᠯᠲᠠ᠎ᠶᠢᠨ ᠪᠠᠢᠭᠤᠯᠤᠮᠵᠢ᠎ᠨᠢ ᠲᠦᠷᠦᠯ ᠵᠦᠢᠯ᠎ᠳᠤ ᠣᠷᠤᠯᠴᠠᠭᠰᠠᠨ ᠱᠢᠨᠵᠢᠯᠡᠬᠦ ᠣᠬᠠᠭᠠᠨ ᠮᠡᠷᠭᠡᠵᠢᠯ᠎ᠤᠨ ᠠᠵᠢᠯᠲᠠᠨ᠎ᠳᠤ ᠡᠷᠳᠡᠮ ᠱᠢᠨᠵᠢᠯᠡᠭᠡᠨ᠎ᠤ ᠢᠳᠡᠬᠡᠮᠵᠢ᠎ᠶᠢᠨ ᠳᠠᠩᠰᠠ ᠡᠪᠬᠡᠮᠡᠯ᠎ᠢ ᠪᠠᠢᠭᠤᠯᠬᠤ ᠭᠡᠷᠡᠭᠲᠠᠢ᠂ ᠡᠬᠦᠨ᠎ᠢ ᠱᠢᠨᠵᠢᠯᠡᠬᠦ ᠣᠬᠠᠭᠠᠨ ᠮᠡᠷᠭᠡᠵᠢᠯ᠎ᠤᠨ ᠠᠵᠢᠯᠲᠠᠨ᠎ᠢ ᠲᠣᠰᠭᠠᠢ ᠮᠡᠷᠭᠡᠵᠢᠯ᠎ᠤᠨ ᠲᠣᠱᠢᠶᠠᠯ ᠴᠣᠯᠠ᠎ᠳᠤ ᠣᠷᠢᠨ ᠲᠣᠮᠢᠯᠠᠬᠤ᠂ ᠱᠢᠨᠵᠢᠯᠡᠬᠦ ᠣᠬᠠᠭᠠᠨ ᠮᠡᠷᠭᠡᠵᠢᠯ᠎ᠤᠨ ᠠᠵᠢᠯᠲᠠᠨ᠎ᠤ ᠱᠢᠨᠵᠢᠯᠡᠬᠦ ᠣᠬᠠᠭᠠᠨ ᠮᠡᠷᠭᠡᠵᠢᠯ᠎ᠤᠨ ᠰᠣᠳᠤᠯᠭᠠᠨ ᠨᠡᠭᠡᠭᠡᠯᠲᠡ᠎ᠶᠢᠨ ᠲᠦᠷᠦᠯ ᠵᠦᠢᠯ᠎ᠢ ᠭᠤᠶᠤᠴᠢᠯᠠᠬᠤ᠎ᠶᠢ ᠬᠢᠨᠠᠨ ᠵᠦᠪᠱᠢᠶᠡᠷᠡᠬᠦ ᠵᠡᠷᠭᠡ᠎ᠶᠢᠨ ᠡᠱᠢ ᠪᠠᠷᠢᠮᠲᠠ ᠪᠣᠯᠭᠠᠨ᠎ᠠ᠃

  ᠲᠦᠴᠢᠨ ᠬᠤᠶᠠᠳᠤᠭᠠᠷ ᠵᠦᠢᠯ  ᠡᠳ᠎ᠤ ᠵᠠᠰᠠᠭ᠎ᠤᠨ ᠴᠢᠨᠠᠷᠲᠠᠢ ᠪᠡᠯᠡ ᠮᠦᠩᠬᠦ᠎ᠶᠢ ᠠᠱᠢᠭᠯᠠᠵᠤ ᠪᠠᠢᠭᠤᠯᠤᠭᠰᠠᠨ ᠬᠠᠢᠨ ᠰᠦᠪᠡᠭᠴᠢᠯᠡᠬᠦ ᠴᠢᠨᠠᠷ᠎ᠢᠶᠠᠷ ᠴᠢᠩᠭ᠎ᠠ᠂ ᠲᠦᠭᠱᠢᠬᠦᠷᠢ ᠶᠡᠭᠡᠲᠠᠢ ᠱᠢᠨᠵᠢᠯᠡᠬᠦ ᠣᠬᠠᠭᠠᠨ ᠮᠡᠷᠭᠡᠵᠢᠯ᠎ᠤᠨ ᠰᠣᠳᠤᠯᠭᠠᠨ ᠨᠡᠭᠡᠭᠡᠯᠲᠡ᠎ᠶᠢᠨ ᠲᠦᠷᠦᠯ ᠵᠦᠢᠯ᠎ᠢ ᠡᠬᠦᠷᠭᠡᠯᠡᠭᠰᠡᠨ ᠱᠢᠨᠵᠢᠯᠡᠬᠦ ᠣᠬᠠᠭᠠᠨ ᠮᠡᠷᠭᠡᠵᠢᠯ᠎ᠤᠨ ᠠᠵᠢᠯᠲᠠᠨ᠂ ᠨᠢᠭᠡᠨᠲᠡ ᠬᠠᠷᠢᠭᠤᠴᠠᠯᠭ᠎ᠠ᠎ᠪᠠᠨ ᠴᠢᠷᠮᠠᠢᠨ ᠪᠡᠶᠡᠯᠡᠬᠦᠯᠬᠦ ᠡᠬᠦᠷᠭᠡ᠎ᠪᠠᠨ ᠭᠦᠢᠴᠡᠳᠬᠡᠭᠰᠡᠨ ᠪᠣᠯᠪᠠᠴᠤ ᠲᠦᠷᠦᠯ ᠵᠦᠢᠯ᠎ᠢ ᠬᠠᠷᠠᠬᠠᠨ ᠭᠦᠢᠴᠡᠳᠬᠡᠵᠤ ᠳᠡᠢᠯᠦᠭᠰᠡᠨ᠎ᠦᠭᠡᠢ᠎ᠶᠢ ᠠᠩᠬᠠᠨ᠎ᠤ ᠳᠡᠮᠳᠡᠭᠯᠡᠯ᠎ᠳᠤ᠎ᠨᠢ ᠬᠡᠷᠡᠴᠢᠯᠡᠵᠤ ᠪᠠᠢᠪᠠᠯ᠂ ᠲᠣᠰᠭᠠᠢ ᠮᠡᠷᠭᠡᠵᠢᠯᠲᠡᠨ᠎ᠤ ᠵᠦᠪᠯᠡᠨ ᠲᠣᠭᠲᠠᠭᠠᠬᠤ ᠪᠠ ᠱᠢᠨᠵᠢᠯᠡᠬᠦ ᠣᠬᠠᠭᠠᠨ ᠮᠡᠷᠭᠡᠵᠢᠯ᠎ᠤᠨ ᠵᠠᠰᠠᠭ ᠵᠠᠬᠢᠷᠭᠠᠨ᠎ᠤ ᠰᠠᠯᠠᠭ᠎ᠠ ᠮᠦᠴᠢᠷ᠎ᠢᠶᠠᠷ ᠵᠦᠪᠱᠢᠶᠡᠷᠡᠬᠦᠯᠪᠡᠯ᠂ ᠬᠤᠯᠪᠤᠭᠳᠠᠯ ᠪᠦᠬᠦᠢ ᠲᠣᠭᠲᠠᠭᠠᠯ ᠶᠣᠰᠤᠭᠠᠷ ᠲᠦᠷᠦᠯ ᠵᠦᠢᠯ᠎ᠤᠨ ᠰᠡᠳᠦᠪ᠎ᠢ ᠳᠡᠬᠦᠰᠬᠡᠵᠤ ᠪᠣᠯᠤᠨ᠎ᠠ᠂ ᠳᠠᠬᠢᠨ ᠱᠢᠨᠵᠢᠯᠡᠬᠦ ᠣᠬᠠᠭᠠᠨ ᠮᠡᠷᠭᠡᠵᠢᠯ᠎ᠤᠨ ᠲᠦᠷᠦᠯ ᠵᠦᠢᠯ ᠭᠤᠶᠤᠴᠢᠯᠠᠬᠤ᠎ᠶᠢ᠎ᠨᠢ ᠨᠦᠯᠦᠭᠡᠯᠡᠬᠦ᠎ᠦᠭᠡᠢ᠃

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠨᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604