ᠦᠪᠤᠷ ᠮᠣᠩᠭᠤᠯ᠎ᠤᠨ ᠦᠪᠡᠷᠲᠡᠭᠡᠨ ᠵᠠᠰᠠᠬᠤ ᠣᠷᠤᠨ᠎ᠤ ᠱᠢᠨᠵᠢᠯᠡᠬᠦ ᠣᠬᠠᠭᠠᠨ ᠮᠡᠷᠭᠡᠵᠢᠯ᠎ᠤᠨ ᠲᠠᠪᠱᠢᠯᠲᠠ᠎ᠶᠢᠨ ᠳᠦᠷᠢᠮ (ᠳᠣᠯᠤᠳᠤᠭᠠᠷ ᠪᠦᠯᠦᠭ)
2020.03.16

(1996᠎ᠣᠨ᠎ᠤ 6᠎ᠳᠤᠭᠠᠷ ᠰᠠᠷ᠎ᠠ᠎ᠶᠢᠨ 1᠎ᠤ ᠡᠳᠦᠷ ᠦᠪᠤᠷ ᠮᠤᠩᠭᠤᠯ᠎ᠤᠨ ᠦᠪᠠᠷᠳᠡᠭᠡᠨ ᠵᠠᠰᠠᠬᠤ ᠤᠷᠤᠨ᠎ᠤ ᠨᠠᠢ᠍ᠮᠠᠳᠤᠭᠠᠷ ᠬᠤᠭᠤᠴᠠᠭᠠᠨ᠎ᠤ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢᠩᠭᠤ᠎ᠶᠢᠨ ᠬᠤᠷᠢᠶ᠎ᠠ᠎ᠶᠢᠨ ᠬᠤᠶᠠᠳᠤᠭᠠᠷ ᠬᠤᠷᠠᠯ᠎ᠠᠴᠠ ᠪᠠᠳᠤᠯᠠᠵᠦ᠂ 2014 ᠣᠨ᠎ᠤ 5᠎ᠳᠤᠭᠠᠷ ᠰᠠᠷ᠎ᠠ᠎ᠶᠢᠨ 9᠎ᠤ ᠡᠳᠦᠷ ᠦᠪᠤᠷ ᠮᠤᠩᠭᠤᠯ᠎ᠤᠨ ᠦᠪᠠᠷᠳᠡᠭᠡᠨ ᠵᠠᠰᠠᠬᠤ ᠤᠷᠤᠨ᠎ᠤ ᠠᠷᠪᠠᠨ ᠬᠤᠶᠠᠳᠤᠭᠠᠷ ᠬᠤᠭᠤᠴᠠᠭᠠᠨ᠎ᠤ ᠠᠷᠠᠳ᠎ᠤᠨ ᠳᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢᠩᠭᠤ᠎ᠶᠢᠨ ᠬᠤᠷᠢᠶ᠎ᠠ᠎ᠶᠢᠨ ᠠᠷᠪᠠᠳᠤᠭᠠᠷ ᠬᠤᠷᠠᠯ᠎ᠠᠴᠠ ᠵᠠᠰᠠᠪᠤᠷᠢ ᠤᠷᠤᠭᠤᠯᠪᠠ)

 

    ᠳᠣᠯᠤᠳᠤᠭᠠᠷ ᠪᠦᠯᠦᠭ  ᠪᠠᠳᠤᠯᠠᠪᠤᠷᠢ᠎ᠶᠢᠨ ᠠᠷᠭ᠎ᠠ ᠬᠡᠮᠵᠢᠶ᠎ᠡ

 

  ᠲᠦᠴᠢᠨ ᠭᠤᠷᠪᠠᠳᠤᠭᠠᠷ ᠵᠦᠢᠯ ᠦᠪᠡᠷᠲᠡᠭᠡᠨ ᠵᠠᠰᠠᠬᠤ ᠣᠷᠤᠨ᠎ᠤ ᠡᠯ᠎ᠡ ᠱᠠᠲᠤᠨ᠎ᠤ ᠡᠳ᠎ᠤ ᠵᠠᠰᠠᠭ᠎ᠨᠢ ᠡᠳ᠎ᠤ ᠬᠦᠴᠦᠨ᠎ᠤ ᠪᠠᠢᠳᠠᠯ᠎ᠢᠶᠠᠨ ᠦᠨᠳᠦᠰᠦᠯᠡᠵᠤ ᠱᠢᠨᠵᠢᠯᠡᠬᠦ ᠣᠬᠠᠭᠠᠨ ᠮᠡᠷᠭᠡᠵᠢᠯ᠎ᠤᠨ ᠵᠠᠷᠤᠳᠠᠯ᠎ᠤᠨ ᠣᠷᠤᠭᠤᠯᠤᠯᠲᠠ᠎ᠶᠢᠨ ᠶᠡᠷᠦᠩᠭᠡᠢ ᠲᠦᠪᠱᠢᠨ᠎ᠢᠶᠠᠨ ᠠᠯᠬᠤᠮ ᠳᠠᠷᠠᠭᠠᠯᠠᠨ ᠳᠡᠭᠡᠭᠱᠢᠯᠡᠬᠦᠯᠬᠦ ᠬᠡᠷᠡᠭᠲᠠᠢ᠃

  ᠬᠤᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠨᠢ ᠱᠢᠨᠵᠢᠯᠡᠬᠦ ᠣᠬᠠᠭᠠᠨ ᠮᠡᠷᠭᠡᠵᠢᠯ᠎ᠤᠨ ᠵᠠᠷᠤᠳᠠᠯ᠎ᠢ ᠠᠳᠠᠯᠢ ᠱᠠᠲᠤᠨ᠎ᠤ ᠡᠳ᠎ᠤ ᠵᠠᠰᠠᠭ᠎ᠤᠨ ᠲᠦᠰᠦᠪ᠎ᠲᠤ᠎ᠪᠠᠨ ᠣᠷᠤᠭᠤᠯᠵᠤ᠂ ᠱᠢᠨᠵᠢᠯᠡᠬᠦ ᠣᠬᠠᠭᠠᠨ ᠮᠡᠷᠭᠡᠵᠢᠯ᠎ᠤᠨ ᠵᠠᠷᠤᠳᠠᠯ᠎ᠤᠨ ᠨᠡᠮᠡᠭᠳᠡᠯ᠎ᠤᠨ ᠬᠡᠮᠵᠢᠶ᠎ᠡ᠎ᠶᠢ ᠠᠳᠠᠯᠢ ᠱᠠᠲᠤᠨ᠎ᠤ ᠡᠳ᠎ᠤ ᠵᠠᠰᠠᠭ᠎ᠤᠨ ᠪᠠᠢᠩᠭᠤ᠎ᠶᠢᠨ ᠴᠢᠨᠠᠷᠲᠠᠢ ᠣᠷᠤᠯᠭ᠎ᠠ᠎ᠶᠢᠨ ᠨᠡᠮᠡᠭᠳᠡᠯ᠎ᠠᠴᠠ ᠦᠨᠳᠦᠷ ᠪᠠᠢᠯᠭᠠᠬᠤ ᠬᠡᠷᠡᠭᠲᠠᠢ᠃ ᠪᠦᠬᠦ ᠨᠡᠢᠭᠡᠮ᠎ᠤᠨ ᠱᠢᠨᠵᠢᠯᠡᠬᠦ ᠣᠬᠠᠭᠠᠨ ᠮᠡᠷᠭᠡᠵᠢᠯ᠎ᠤᠨ ᠰᠣᠳᠤᠯᠭᠠᠨ ᠨᠡᠭᠡᠭᠡᠯᠲᠡ᠎ᠶᠢᠨ ᠵᠠᠷᠤᠳᠠᠯ᠎ᠤᠨ ᠣᠯᠤᠰ᠎ᠤᠨ ᠲᠣᠲᠤᠭᠠᠲᠦ᠎ᠶᠢᠨ ᠦᠢᠯᠡᠳᠪᠦᠷᠢᠯᠡᠯ᠎ᠤᠨ ᠶᠡᠷᠦᠩᠭᠡᠢ ᠦᠷᠲᠡᠭ᠎ᠲᠠᠬᠢ ᠬᠠᠷᠢᠴᠠᠯ᠎ᠢ ᠠᠯᠬᠤᠮ ᠳᠠᠷᠠᠭᠠᠯᠠᠨ ᠳᠡᠭᠡᠭᠱᠢᠯᠡᠬᠦᠯᠦᠨ᠎ᠡ᠃

  ᠲᠦᠴᠢᠨ ᠲᠥᠷᠪᠡᠳᠦᠭᠡᠷ ᠵᠦᠢᠯ  ᠬᠤᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠤ ᠲᠦᠰᠦᠪ ᠲᠣᠲᠤᠷᠠᠬᠢ ᠡᠳ᠎ᠤ ᠵᠠᠰᠠᠭ᠎ᠤᠨ ᠦᠨᠳᠦᠰᠦᠨ ᠪᠦᠲᠦᠭᠡᠨ ᠪᠠᠢᠭᠤᠯᠤᠯᠲᠠ᠎ᠶᠢᠨ ᠪᠡᠯᠡ ᠮᠦᠩᠬᠦ ᠲᠣᠲᠤᠷ᠎ᠠ᠎ᠠᠴᠠ ᠵᠢᠯ ᠪᠦᠷᠢ ᠵᠠᠭᠤᠨ᠎ᠤ ᠨᠢᠭᠡ ᠴᠡᠭ ᠲᠠᠪᠤ᠎ᠶᠢᠨ ᠲᠣᠰᠭᠠᠢ ᠲᠦᠷᠦᠯ᠎ᠤᠨ ᠪᠡᠯᠡ ᠮᠦᠩᠬᠦ᠎ᠶᠢ ᠲᠣᠬᠢᠷᠠᠭᠤᠯᠵᠤ᠂ ᠡᠷᠳᠡᠮ ᠱᠢᠨᠵᠢᠯᠡᠭᠡᠨ᠎ᠤ ᠰᠠᠭᠤᠷᠢ ᠪᠡᠯᠡᠳᠬᠡᠮᠵᠢ ᠪᠠ ᠴᠢᠬᠤᠯᠠ ᠶᠡᠭᠡ ᠱᠢᠨᠵᠢᠯᠡᠬᠦ ᠣᠬᠠᠭᠠᠨ ᠮᠡᠷᠭᠡᠵᠢᠯ᠎ᠤᠨ ᠢᠨᠵᠧᠨᠧᠷᠢᠩ᠎ᠤᠨ ᠲᠦᠷᠦᠯ ᠵᠦᠢᠯ᠎ᠳᠤ ᠬᠡᠷᠡᠭᠯᠡᠬᠦ ᠬᠡᠷᠡᠭᠲᠠᠢ᠃ ᠱᠢᠨᠵᠢᠯᠡᠬᠦ ᠣᠬᠠᠭᠠᠨ ᠮᠡᠷᠭᠡᠵᠢᠯ᠎ᠤᠨ ᠰᠣᠳᠤᠯᠭᠠᠨ ᠨᠡᠭᠡᠭᠡᠯᠲᠡ᠎ᠶᠢᠨ ᠪᠠᠢᠭᠤᠯᠤᠮᠵᠢ᠎ᠶᠢᠨ ᠦᠨᠳᠦᠰᠦᠨ ᠪᠦᠲᠦᠭᠡᠨ ᠪᠠᠢᠭᠤᠯᠤᠯᠲᠠ᠂ ᠭᠤᠤᠯᠳᠠᠯᠭ᠎ᠠ᠎ᠲᠠᠢ ᠲᠣᠷᠱᠢᠯᠲᠠ᠎ᠶᠢᠨ ᠲᠠᠰᠤᠭ᠂ ᠢᠨᠵᠧᠨᠧᠷᠢᠩ ᠮᠡᠷᠭᠡᠵᠢᠯ᠎ᠤᠨ ᠰᠣᠳᠤᠯᠭᠠᠨ᠎ᠤ ᠲᠦᠪ᠂ ᠵᠠᠪᠰᠠᠷ᠎ᠤᠨ ᠲᠣᠷᠱᠢᠯᠲᠠ᠎ᠶᠢᠨ ᠰᠠᠭᠤᠷᠢᠨ ᠭᠠᠵᠠᠷ ᠪᠠ ᠴᠢᠬᠤᠯᠠ ᠱᠢᠨᠵᠢᠯᠡᠬᠦ ᠣᠬᠠᠭᠠᠨ᠎ᠤ ᠰᠣᠳᠤᠯᠭᠠᠨ᠎ᠤ ᠬᠡᠮᠵᠢᠬᠦᠷᠯᠢᠭ ᠲᠦᠬᠦᠭᠡᠷᠦᠮᠵᠢ᠎ᠳᠤ ᠬᠡᠷᠡᠭᠰᠡᠬᠦ ᠪᠡᠯᠡ ᠮᠦᠩᠬᠦ᠎ᠶᠢ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠦᠨᠳᠦᠰᠦᠨ ᠪᠦᠲᠦᠭᠡᠨ ᠪᠠᠢᠭᠤᠯᠤᠯᠲᠠ᠎ᠶᠢᠨ ᠣᠨ᠎ᠤ ᠲᠦᠯᠦᠪᠯᠡᠭᠡ᠎ᠳᠤ ᠣᠷᠤᠭᠤᠯᠬᠤ ᠬᠡᠷᠡᠭᠲᠠᠢ᠃

  ᠲᠦᠴᠢᠨ ᠲᠠᠪᠤᠳᠤᠭᠠᠷ ᠵᠦᠢᠯ  ᠬᠤᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ ᠣᠷᠳᠤᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ᠎ᠨᠢ ᠡᠳ᠎ᠤ ᠵᠠᠰᠠᠭ᠎ᠤᠨ ᠵᠣᠭᠤᠰ ᠮᠦᠩᠬᠦ ᠰᠠᠯᠭᠠᠨ ᠦᠭᠬᠦ᠂ ᠠᠳᠠᠯ ᠪᠣᠰᠭᠠᠬᠤ ᠪᠡᠯᠡ ᠣᠷᠤᠭᠤᠯᠤᠯᠲᠠ᠂ ᠪᠠᠩᠬᠢ᠎ᠶᠢᠨ ᠵᠢᠭᠡᠯᠡᠯᠭᠡ᠂ ᠠᠵᠤ ᠠᠬᠤᠢᠯᠠᠯ ᠦᠪᠡᠷ᠎ᠢᠶᠠᠨ ᠴᠣᠭᠯᠠᠭᠤᠯᠬᠤ ᠵᠡᠷᠭᠡ ᠣᠯᠠᠨ ᠡᠱᠢᠵᠢᠬᠦᠯᠦᠯᠲᠡ᠂ ᠣᠯᠠᠨ ᠠᠷᠭ᠎ᠠ ᠵᠠᠮ᠎ᠤᠨ ᠱᠢᠨᠵᠢᠯᠡᠬᠦ ᠣᠬᠠᠭᠠᠨ ᠮᠡᠷᠭᠡᠵᠢᠯ᠎ᠤᠨ ᠣᠷᠤᠭᠤᠯᠤᠯᠲᠠ᠎ᠶᠢᠨ ᠱᠢᠰᠲᠧᠮ᠎ᠢ ᠪᠠᠢᠭᠤᠯᠤᠨ ᠳᠡᠬᠦᠯᠳᠡᠷᠵᠢᠬᠦᠯᠵᠤ᠂ ᠦᠪᠡᠷᠲᠡᠭᠡᠨ ᠵᠠᠰᠠᠬᠤ ᠣᠷᠤᠨ᠎ᠤ ᠱᠢᠨᠵᠢᠯᠡᠬᠦ ᠣᠬᠠᠭᠠᠨ ᠮᠡᠷᠭᠡᠵᠢᠯ᠎ᠤᠨ ᠰᠣᠳᠤᠯᠭᠠᠨ ᠨᠡᠭᠡᠭᠡᠯᠲᠡ᠎ᠶᠢᠨ ᠵᠠᠷᠤᠳᠠᠯ᠎ᠢ ᠦᠷᠬᠦᠯᠵᠢᠯᠡᠨ ᠲᠣᠭᠲᠠᠭᠤᠨ᠎ᠢᠶᠠᠷ ᠨᠡᠮᠡᠭᠳᠡᠬᠦ᠎ᠶᠢ ᠪᠠᠲᠤᠯᠠᠬᠤ ᠬᠡᠷᠡᠭᠲᠠᠢ᠃     

  ᠲᠦᠴᠢᠨ ᠵᠢᠷᠭᠤᠳᠤᠭᠠᠷ ᠵᠦᠢᠯ  ᠲᠦᠷᠦ᠎ᠶᠢᠨ ᠪᠣᠳᠤᠯᠭ᠎ᠠ᠎ᠶᠢᠨ ᠴᠢᠨᠠᠷᠲᠠᠢ ᠮᠦᠩᠬᠦᠨ ᠭᠦᠢᠯᠭᠡᠭᠡᠨ᠎ᠤ ᠪᠠᠢᠭᠤᠯᠤᠮᠵᠢ᠎ᠨᠢ ᠣᠯᠤᠰ ᠪᠠ ᠦᠪᠡᠷᠲᠡᠭᠡᠨ ᠵᠠᠰᠠᠬᠤ ᠣᠷᠤᠨ᠎ᠤ ᠱᠢᠨᠵᠢᠯᠡᠬᠦ ᠣᠬᠠᠭᠠᠨ ᠮᠡᠷᠭᠡᠵᠢᠯ᠎ᠤᠨ ᠴᠢᠬᠤᠯᠠ ᠶᠡᠬᠡ ᠲᠤᠰᠭᠠᠢ ᠲᠥᠷᠦᠯ᠂ ᠴᠢᠬᠤᠯᠠ ᠶᠡᠬᠡ ᠱᠢᠨᠵᠢᠯᠡᠬᠦ ᠤᠬᠠᠭᠠᠨ ᠮᠡᠷᠭᠡᠵᠢᠯ᠎ᠦᠨ ᠠᠵᠤ ᠦᠢᠯᠡᠰᠵᠢᠭᠦᠯᠦᠭᠰᠡᠨ ᠲᠥᠷᠦᠯ ᠵᠦᠢᠯ᠂ ᠭᠣᠤᠯᠳᠠᠯᠭ᠎ᠠ᠎ᠲᠠᠢ ᠱᠢᠨᠵᠢᠯᠡᠬᠦ ᠤᠬᠠᠭᠠᠨ ᠮᠡᠷᠭᠡᠵᠢᠯ᠎ᠦᠨ ᠦᠷ᠎ᠡ ᠪᠦᠲᠦᠭᠡᠯ᠎ᠦᠨ ᠤᠯᠠᠷᠢᠭᠤᠯᠤᠯᠲᠠ᠎ᠶᠢᠨ ᠲᠥᠷᠦᠯ ᠵᠦᠢᠯ ᠵᠡᠷᠭᠡ ᠲᠠᠯ᠎ᠠ᠎ᠳᠤ ᠪᠡᠯᠡ ᠮᠥᠩᠭᠦ᠎ᠶᠢᠨ ᠵᠢᠭᠡᠯᠡᠯᠭᠡ᠎ᠶᠢᠨ ᠲᠤᠰᠠᠯᠠᠮᠵᠢ ᠦᠵᠡᠭᠦᠯᠬᠦ ᠭᠡᠷᠡᠭᠲᠡᠢ᠃

  ᠳᠡᠭᠡᠲᠦ ᠱᠢᠨᠵᠢᠯᠡᠬᠦ ᠣᠬᠠᠭᠠᠨ ᠮᠡᠷᠭᠡᠵᠢᠯ᠎ᠤᠨ ᠠᠵᠤ ᠠᠬᠤᠢᠯᠠᠯ᠎ᠨᠢ ᠢᠳᠡᠬᠡᠮᠵᠢᠲᠦ ᠵᠢᠭᠡᠯᠡᠯᠭᠡ᠎ᠪᠠᠷ ᠪᠡᠯᠡ ᠬᠤᠷᠠᠮᠳᠤᠭᠤᠯᠬᠤ᠂ ᠵᠠᠬ᠎ᠠ ᠳᠡᠯᠭᠡᠭᠦᠷ᠎ᠲᠤ ᠭᠠᠷᠴᠤ ᠬᠤᠷᠠᠮᠳᠤᠭᠤᠯᠬᠤ᠂ ᠵᠢᠭᠡᠯᠡᠯᠭᠡ᠎ᠶᠢᠨ ᠳᠡᠮᠳᠡᠭᠲᠦ᠎ᠪᠠᠷ ᠪᠡᠯᠡ ᠬᠤᠷᠠᠮᠳᠤᠭᠤᠯᠬᠤ᠂ ᠲᠦᠭᠱᠢᠭᠦᠷᠢᠲᠦ ᠪᠡᠯᠡ ᠣᠷᠤᠭᠤᠯᠤᠯᠲᠠ᠂ ᠢᠷᠭᠡᠳ᠎ᠦᠨ᠎ᠤᠨ᠎ᠤ ᠬᠥᠷᠦᠩᠭᠡ᠂ ᠥᠮᠴᠢᠯᠡᠭᠦ (ᠰᠲ᠋ᠤᠺ᠎ᠤᠨ) ᠡᠷᠬᠡ᠎ᠶᠢᠨ ᠰᠣᠯᠢᠯᠴᠠᠭᠠᠨ᠎ᠤ ᠵᠠᠬ᠎ᠠ ᠳᠡᠯᠭᠡᠭᠦᠷ ᠵᠡᠷᠭᠡ ᠪᠡᠯᠡ ᠬᠤᠷᠠᠮᠳᠤᠭᠤᠯᠬᠤ ᠬᠡᠯᠪᠡᠷᠢ᠎ᠶᠢ ᠠᠮᠢᠳᠤᠯᠢᠭ ᠬᠡᠷᠡᠭᠵᠢᠭᠦᠯᠬᠦ᠎ᠶᠢ ᠵᠣᠷᠢᠭᠵᠢᠭᠤᠯᠵᠤ᠂ ᠭᠦᠢᠯᠭᠡᠭᠡᠨ᠎ᠤ ᠠᠷᠭ᠎ᠠ ᠵᠠᠮ᠎ᠢ ᠨᠡᠭᠡᠭᠡᠨ ᠥᠷᠭᠡᠳᠭᠡᠨ᠎ᠡ᠃

  ᠮᠥᠩᠭᠦᠨ ᠭᠦᠢᠯᠭᠡᠭᠡᠨ᠎ᠤ ᠪᠠᠢᠭᠤᠯᠤᠮᠵᠢ᠎ᠨᠢ ᠮᠡᠳᠡᠯᠭᠡ᠎ᠶᠢᠨ ᠪᠦᠲᠦᠭᠡᠭᠳᠡᠬᠦᠨ᠎ᠤ ᠡᠷᠬᠡ᠎ᠪᠠᠨ ᠳᠠᠨᠵᠢᠯᠠᠬᠤ ᠠᠵᠢᠯ ᠥᠷᠨᠢᠭᠦᠯᠬᠦ᠎ᠶᠢ ᠵᠣᠷᠢᠭᠵᠢᠭᠤᠯᠤᠨ᠎ᠠ᠃

  ᠲᠦᠴᠢᠨ ᠲᠤᠯᠤᠳᠤᠭᠠᠷ ᠵᠦᠢᠯ  ᠳᠡᠭᠡᠲᠦ ᠵᠡᠷᠭᠡ᠎ᠶᠢᠨ ᠰᠣᠷᠭᠠᠭᠤᠯᠢ᠂ ᠱᠢᠨᠵᠢᠯᠡᠬᠦ ᠣᠬᠠᠭᠠᠨ ᠮᠡᠷᠭᠡᠵᠢᠯ᠎ᠤᠨ ᠰᠣᠳᠤᠯᠭᠠᠨ ᠨᠡᠭᠡᠭᠡᠯᠲᠡ᠎ᠶᠢᠨ ᠪᠠᠢᠭᠤᠯᠤᠮᠵᠢ ᠪᠠ ᠠᠵᠤ ᠠᠬᠤᠢᠯᠠᠯ ᠦᠪᠡᠷ᠎ᠢᠶᠠᠨ ᠪᠡᠯᠡ ᠮᠦᠩᠬᠦ ᠴᠣᠭᠯᠠᠭᠤᠯᠤᠨ ᠰᠣᠳᠤᠯᠭᠠᠨ ᠨᠡᠭᠡᠭᠡᠯᠲᠡ ᠬᠢᠭᠰᠡᠨ ᠪᠦᠭᠡᠳ ᠪᠡᠶ᠎ᠡ᠎ᠪᠠᠨ ᠳᠠᠭᠠᠭᠠᠭᠰᠠᠨ ᠮᠡᠳᠡᠯᠭᠡ᠎ᠶᠢᠨ ᠪᠦᠲᠦᠭᠡᠭᠳᠡᠬᠦᠨ᠎ᠤ ᠡᠷᠭᠡ᠎ᠲᠠᠢ ᠪᠡᠶ᠎ᠡ᠎ᠪᠠᠨ ᠳᠠᠭᠠᠭᠠᠭᠰᠠᠨ ᠱᠢᠨ᠎ᠡ᠎ᠶᠢ ᠡᠬᠦᠳᠬᠦ ᠲᠦᠷᠦᠯ ᠵᠦᠢᠯ᠎ᠳᠤ᠂ ᠬᠤᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ ᠬᠣᠢᠨ᠎ᠠ᠎ᠠᠴᠠ᠎ᠨᠢ ᠨᠦᠬᠦᠪᠦᠷᠢᠯᠡᠨ ᠲᠣᠰᠠᠯᠠᠬᠤ ᠬᠡᠯᠪᠡᠷᠢ᠎ᠪᠠᠷ ᠡᠳ᠎ᠤ ᠵᠠᠰᠠᠭ᠎ᠤᠨ ᠴᠢᠨᠠᠷ᠎ᠲᠠᠢ ᠪᠡᠯᠡ ᠮᠦᠩᠬᠦ᠎ᠶᠢᠨ ᠲᠣᠰᠠᠯᠠᠮᠵᠢ ᠦᠭᠴᠤ ᠪᠣᠯᠤᠨ᠎ᠠ᠃ ᠲᠣᠰᠠᠯᠠᠭᠰᠠᠨ ᠪᠡᠯᠡ ᠮᠦᠩᠬᠦ᠎ᠶᠢ ᠲᠣᠰ ᠲᠦᠷᠦᠯ ᠵᠦᠢᠯ᠎ᠦᠨ ᠦᠪᠡᠷᠲᠡᠭᠡᠨ ᠵᠠᠰᠠᠬᠤ ᠣᠷᠤᠨ᠎ᠤ ᠲᠣᠲᠤᠷᠠᠬᠢ ᠰᠡᠬᠦᠯᠴᠢ᠎ᠶᠢᠨ ᠬᠤᠭᠤᠴᠠᠭᠠᠨ᠎ᠤ ᠰᠣᠳᠤᠯᠭᠠᠨ ᠨᠡᠭᠡᠭᠡᠯᠲᠡ᠂ ᠦᠷ᠎ᠡ ᠪᠦᠲᠦᠭᠡᠯ᠎ᠢ ᠣᠯᠠᠷᠢᠭᠤᠯᠬᠤ ᠪᠠ ᠠᠵᠤ ᠦᠢᠯᠡᠰᠵᠢᠬᠦᠯᠬᠦ ᠠᠵᠢᠯᠯᠠᠭᠠᠨ᠎ᠳᠤ ᠬᠡᠷᠡᠭᠯᠡᠬᠦ ᠬᠡᠷᠡᠭᠲᠠᠢ᠃         

  ᠲᠦᠴᠢᠨ ᠨᠠᠢᠮᠠᠳᠤᠭᠠᠷ ᠵᠦᠢᠯ  ᠱᠢᠨᠵᠢᠯᠡᠬᠦ ᠣᠬᠠᠭᠠᠨ ᠮᠡᠷᠭᠡᠵᠢᠯ᠎ᠤᠨ ᠭᠤᠤᠯᠳᠠᠯᠭ᠎ᠠ᠎ᠲᠠᠢ ᠰᠠᠭᠤᠷᠢ ᠪᠡᠯᠡᠳᠬᠡᠮᠵᠢ᠂ ᠴᠢᠬᠤᠯᠠ ᠶᠡᠭᠡ ᠱᠢᠨᠵᠢᠯᠡᠬᠦ ᠣᠬᠠᠭᠠᠨ ᠮᠡᠷᠭᠡᠵᠢᠯ᠎ᠤᠨ ᠢᠨᠵᠧᠨᠧᠷᠢᠩ ᠵᠡᠷᠭᠡ ᠪᠦᠲᠦᠭᠡᠨ ᠪᠠᠢᠭᠤᠯᠤᠯᠲᠠ᠎ᠶᠢᠨ ᠲᠦᠷᠦᠯ ᠵᠦᠢᠯ᠎ᠢ ᠬᠤᠲᠠ ᠬᠦᠳᠡᠭᠡ᠎ᠶᠢᠨ ᠲᠦᠯᠦᠪᠵᠢᠬᠦᠯᠭᠡ᠂ ᠭᠠᠵᠠᠷ ᠱᠢᠷᠤᠢ᠎ᠶᠢᠨ ᠠᠱᠢᠭᠯᠠᠯᠲᠠ᠎ᠶᠢᠨ ᠶᠡᠷᠦᠩᠭᠡᠢ ᠲᠦᠯᠦᠪᠵᠢᠬᠦᠯᠭᠡ ᠪᠠ ᠨᠡᠢᠲᠡ᠎ᠶᠢᠨ ᠪᠡᠯᠡ ᠣᠷᠤᠭᠤᠯᠤᠯᠲᠠ᠎ᠶᠢᠨ ᠲᠦᠯᠦᠪᠯᠡᠭᠡ᠎ᠳᠤ ᠣᠷᠤᠭᠤᠯᠬᠤ ᠬᠡᠷᠡᠭᠲᠠᠢ᠃

  ᠲᠦᠴᠢ ᠶᠢᠰᠦᠳᠦᠭᠡᠷ ᠵᠦᠢᠯ  ᠬᠤᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠨᠢ ᠲᠦᠷᠦ᠎ᠶᠢᠨ ᠪᠣᠳᠤᠯᠭ᠎ᠠ᠂ ᠲᠦᠯᠦᠪᠵᠢᠬᠦᠯᠭᠡ᠂ ᠪᠡᠯᠡ ᠮᠦᠩᠬᠦ᠂ ᠴᠢᠳᠠᠪᠦᠷᠢᠲᠠᠨ᠂ ᠲᠠᠯᠠᠪᠤᠷ ᠭᠠᠵᠠᠷ ᠵᠡᠷᠭᠡ ᠲᠠᠯ᠎ᠠ᠎ᠪᠠᠷ ᠠᠵᠤ ᠦᠢᠯᠡᠰ ᠲᠦᠪᠯᠡᠷᠡᠭᠰᠡᠨ ᠣᠷᠤᠨ ᠬᠡᠪᠴᠢᠶ᠎ᠡ ᠪᠠ ᠠᠵᠤ ᠦᠢᠯᠡᠰ᠎ᠤᠨ ᠳᠠᠪᠠᠭᠤᠯᠢᠭ᠎ᠲᠠᠢ ᠬᠦᠷᠢᠶ᠎ᠡ ᠬᠡᠪᠴᠢᠶᠠᠨ᠎ᠳᠤ ᠨᠡᠢᠲᠡ᠎ᠶᠢᠨ ᠰᠣᠳᠤᠯᠭᠠᠨ ᠨᠡᠭᠡᠭᠡᠯᠲᠡ᠎ᠶᠢᠨ ᠲᠠᠪᠴᠠᠩ᠂ ᠨᠡᠢᠲᠡ᠎ᠶᠢᠨ ᠮᠡᠷᠭᠡᠵᠢᠯ᠎ᠤᠨ ᠦᠢᠯᠡᠴᠢᠯᠡᠭᠡᠨ᠎ᠤ ᠲᠠᠪᠴᠠᠩ᠂ ᠱᠢᠨᠵᠢᠯᠡᠬᠦ ᠣᠬᠠᠭᠠᠨ ᠮᠡᠷᠭᠡᠵᠢᠯ᠎ᠤᠨ ᠦᠨᠳᠦᠰᠦᠨ ᠨᠦᠬᠦᠴᠡᠯ᠎ᠤᠨ ᠲᠠᠪᠴᠠᠩ ᠵᠡᠷᠭᠡ ᠨᠡᠢᠲᠡ᠎ᠶᠢᠨ ᠱᠢᠨ᠎ᠡ᠎ᠶᠢ ᠡᠬᠦᠳᠬᠦ ᠲᠠᠪᠴᠠᠩ ᠪᠠᠢᠭᠤᠯᠬᠤ᠎ᠶᠢ ᠳᠡᠮᠵᠢᠵᠤ᠂ ᠱᠢᠨ᠎ᠡ᠎ᠶᠢ ᠡᠬᠦᠳᠬᠦ ᠠᠷᠭ᠎ᠠ ᠬᠡᠮᠵᠢᠶᠡᠨ᠎ᠤ ᠳᠡᠯᠭᠡᠷᠡᠬᠦᠯᠦᠯᠲᠡ᠂ ᠲᠦᠭᠡᠮᠡᠯᠵᠢᠬᠦᠯᠦᠯ᠂ ᠬᠡᠷᠡᠭᠯᠡᠭᠡ᠎ᠶᠢ ᠴᠢᠩᠭᠠᠳᠭᠠᠵᠤ᠂ ᠠᠵᠤ ᠠᠬᠤᠢᠯᠠᠯ᠎ᠤᠨ ᠮᠡᠷᠭᠡᠵᠢᠯ᠎ᠤᠨ ᠱᠢᠨ᠎ᠡ᠎ᠶᠢ ᠡᠬᠦᠳᠬᠦ᠎ᠳᠤ ᠵᠠᠩᠬᠢᠯᠠᠭ᠎ᠠ᠎ᠶᠢᠨ ᠴᠢᠨᠠᠷᠲᠠᠢ ᠮᠡᠷᠭᠡᠵᠢᠯ᠎ᠤᠨ ᠰᠣᠳᠤᠯᠭᠠᠨ ᠨᠡᠭᠡᠭᠡᠯᠲᠡ᠂ ᠵᠠᠩᠬᠢ᠎ᠶᠢᠨ ᠯᠠᠪᠯᠠᠯᠲᠠ᠂ ᠮᠡᠷᠭᠡᠵᠢᠯ᠎ᠤᠨ ᠠᠷᠠᠯᠵᠢᠶ᠎ᠠ ᠪᠠ ᠱᠢᠯᠵᠢᠬᠦᠯᠦᠨ ᠦᠭᠬᠦ ᠵᠡᠷᠭᠡ ᠱᠢᠨ᠎ᠡ᠎ᠶᠢ ᠡᠬᠦᠳᠬᠦ ᠦᠢᠯᠡᠴᠢᠯᠡᠭᠡ᠎ᠶᠢ ᠬᠠᠩᠭᠠᠬᠤ ᠬᠡᠷᠡᠭᠲᠠᠢ᠃     

  ᠡᠳ᠎ᠤ ᠵᠠᠰᠠᠭ᠎ᠤᠨ ᠴᠢᠨᠠᠷᠲᠠᠢ ᠪᠠᠯᠡ ᠮᠦᠩᠬᠦ᠎ᠪᠠᠷ ᠲᠣᠰᠠᠯᠠᠵᠤ ᠪᠠᠢᠭᠤᠯᠤᠭᠰᠠᠨ ᠨᠡᠢᠲᠡ᠎ᠶᠢᠨ ᠱᠢᠨ᠎ᠡ᠎ᠶᠢ ᠡᠬᠦᠳᠬᠦ ᠲᠠᠪᠴᠠᠩ᠎ᠤᠨ ᠠᠵᠤ ᠠᠬᠤᠢᠯᠠᠯ ᠠᠵᠢᠯ ᠦᠢᠯᠡᠰ᠎ᠤᠨ ᠨᠢᠭᠡᠴᠡ᠎ᠶᠢᠨ ᠪᠡᠶ᠎ᠡ᠎ᠪᠠᠨ ᠳᠠᠭᠠᠭᠠᠵᠤ ᠱᠢᠨ᠎ᠡ᠎ᠶᠢ ᠡᠬᠦᠳᠬᠦ ᠠᠵᠢᠯᠯᠠᠭ᠎ᠠ᠎ᠳᠤ ᠦᠢᠯᠡᠴᠢᠯᠡᠭᠡ ᠬᠠᠩᠭᠠᠭᠰᠠᠨ ᠪᠠᠢᠳᠠᠯ᠎ᠢ ᠠᠵᠢᠯᠯᠠᠭᠠᠨ᠎ᠤ ᠦᠷ᠎ᠡ ᠪᠦᠲᠦᠮᠵᠢ᠎ᠶᠢ ᠬᠢᠨᠠᠨ ᠱᠢᠯᠭᠠᠬᠤ ᠴᠢᠬᠤᠯᠠ ᠠᠭᠤᠯᠭ᠎ᠠ ᠪᠣᠯᠭᠠᠬᠤ ᠬᠡᠷᠡᠭᠲᠠᠢ᠂ ᠬᠡᠪᠡᠴᠦ ᠣᠯᠤᠰ᠎ᠤᠨ ᠨᠢᠭᠤᠴᠠ ᠪᠣᠶᠤ ᠴᠢᠬᠤᠯᠠ ᠶᠡᠭᠡ ᠨᠡᠢᠲᠡ᠎ᠶᠢᠨ ᠠᠮᠤᠷ ᠲᠦᠪᠱᠢᠨ᠎ᠲᠠᠢ ᠬᠤᠯᠪᠤᠭᠳᠠᠬᠤ ᠪᠠᠢᠳᠠᠯ᠎ᠢ ᠪᠠᠭᠳᠠᠭᠠᠬᠤ᠎ᠦᠭᠡᠢ᠃

  ᠲᠠᠪᠢᠳᠤᠭᠠᠷ ᠵᠦᠢᠯ  ᠡᠳ᠋᠎ᠤᠨ ᠵᠠᠰᠠᠭ᠎ᠤᠨ ᠴᠢᠨᠠᠷᠲᠠᠢ ᠪᠡᠯᠡ ᠮᠦᠩᠬᠦ᠎ᠶᠢ ᠠᠱᠢᠭᠯᠠᠵᠤ ᠪᠠᠢᠭᠤᠯᠤᠭᠰᠠᠨ᠂ ᠪᠡᠶ᠎ᠡ᠎ᠪᠠᠨ ᠳᠠᠭᠠᠭᠠᠭᠰᠠᠨ ᠮᠡᠳᠡᠯᠭᠡ᠎ᠶᠢᠨ ᠪᠦᠲᠦᠭᠡᠭᠳᠡᠬᠦᠨ᠎ᠤ ᠡᠷᠭᠡ ᠪᠣᠶᠤ ᠦᠪᠡᠷᠮᠢᠴᠡ ᠭᠤᠤᠯᠯᠠᠬᠤ ᠮᠡᠷᠭᠡᠵᠢᠯ ᠣᠯᠬᠤ᠎ᠶᠢᠨ ᠲᠦᠯᠦᠭᠡ ᠶᠠᠪᠤᠭᠳᠠᠭᠤᠯᠤᠭᠰᠠᠨ ᠱᠢᠨᠵᠢᠯᠡᠬᠦ ᠣᠬᠠᠭᠠᠨ ᠮᠡᠷᠭᠡᠵᠢᠯ᠎ᠤᠨ ᠰᠣᠳᠤᠯᠭᠠᠨ ᠪᠠ ᠱᠢᠨ᠎ᠡ᠎ᠶᠢ ᠡᠬᠦᠳᠬᠦ ᠨᠡᠭᠡᠭᠡᠯᠲᠡ᠎ᠶᠢᠨ ᠲᠦᠷᠦᠯ ᠵᠦᠢᠯ ᠪᠣᠯ᠂ ᠲᠦᠷᠦᠯ ᠵᠦᠢᠯ᠎ᠢ ᠬᠠᠷᠢᠭᠤᠴᠠᠭᠰᠠᠨ ᠬᠦᠮᠦᠨ᠎ᠤ ᠬᠦᠮᠦᠨ᠎ᠤ ᠬᠦᠴᠦᠨ᠎ᠤ ᠡᠬᠢ ᠪᠠᠶᠠᠯᠢᠭ᠎ᠤᠨ ᠦᠪᠡᠷ᠎ᠤᠨ ᠦᠷᠲᠡᠭ᠎ᠤᠨ ᠵᠠᠷᠤᠳᠠᠯ᠎ᠢ ᠲᠦᠷᠦᠯ ᠵᠦᠢᠯ᠎ᠤᠨ ᠵᠠᠷᠤᠳᠠᠯ᠎ᠠᠴᠠ ᠭᠠᠷᠭᠠᠵᠤ ᠪᠣᠯᠤᠨ᠎ᠠ᠂ ᠬᠠᠮᠤᠭ᠎ᠤᠨ ᠦᠨᠳᠦᠷ᠎ᠲᠤ᠎ᠪᠠᠨ ᠲᠣᠰ ᠲᠦᠷᠦᠯ ᠵᠦᠢᠯ᠎ᠤᠨ ᠵᠠᠷᠤᠳᠠᠯ᠎ᠤᠨ ᠵᠠᠭᠤᠨ᠎ᠤ ᠭᠤᠴᠢ᠎ᠠᠴᠠ ᠬᠡᠲᠦᠷᠡᠵᠤ ᠪᠣᠯᠬᠤ᠎ᠦᠭᠡᠢ; ᠵᠦᠭᠡᠯᠡᠨ ᠱᠢᠨᠵᠢᠯᠡᠬᠦ ᠣᠬᠠᠭᠠᠨ᠎ᠤ ᠰᠣᠳᠤᠯᠭᠠᠨ᠎ᠤ ᠲᠦᠷᠦᠯ ᠵᠦᠢᠯ ᠪᠠ ᠰᠣᠹᠲ᠎ᠤᠨ ᠨᠡᠭᠡᠭᠡᠯᠲᠡ᠎ᠶᠢᠨ ᠲᠦᠷᠦᠯ᠎ᠤᠨ ᠲᠦᠷᠦᠯ ᠵᠦᠢᠯ ᠪᠣᠯ᠂ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠥᠪᠡᠷ᠎ᠦᠨ ᠥᠷᠳᠡᠭ᠎ᠤᠨ ᠵᠠᠷᠤᠳᠠᠯ᠎ᠨᠢ ᠬᠠᠮᠤᠭ᠎ᠤᠨ ᠥᠨᠳᠦᠷ᠎ᠲᠤ᠎ᠪᠠᠨ ᠲᠤᠰ ᠲᠥᠷᠦᠯ ᠵᠦᠢᠯ᠎ᠦᠨ ᠵᠠᠷᠤᠳᠠᠯ᠎ᠤᠨ ᠵᠠᠭᠤᠨ᠎ᠤ ᠲᠠᠪᠢ᠎ᠠᠴᠠ ᠬᠡᠲᠦᠷᠡᠵᠦ ᠪᠣᠯᠬᠤ᠎ᠦᠭᠡᠢ᠃

  ᠲᠠᠪᠢᠨ ᠨᠢᠭᠡᠳᠦᠭᠡᠷ ᠵᠦᠢᠯ  ᠡᠳ᠋᠎ᠤᠨ ᠵᠠᠰᠠᠭ᠎ᠤᠨ ᠴᠢᠨᠠᠷᠲᠠᠢ ᠪᠡᠯᠡ ᠮᠦᠩᠬᠦ᠎ᠶᠢ ᠠᠱᠢᠭᠯᠠᠵᠤ ᠪᠠᠢᠭᠤᠯᠤᠭᠰᠠᠨ ᠱᠢᠨᠵᠢᠯᠡᠬᠦ ᠣᠬᠠᠭᠠᠨ ᠮᠡᠷᠭᠡᠵᠢᠯ᠎ᠤᠨ ᠰᠠᠭᠤᠷᠢ ᠮᠦᠩᠬᠦ᠎ᠶᠢᠨ ᠲᠦᠷᠦᠯ ᠵᠦᠢᠯ᠂ ᠱᠢᠨᠵᠢᠯᠡᠬᠦ ᠣᠬᠠᠭᠠᠨ ᠮᠡᠷᠭᠡᠵᠢᠯ᠎ᠤᠨ ᠲᠦᠯᠦᠪᠯᠡᠭᠡᠨ᠎ᠤ ᠲᠦᠷᠦᠯ ᠵᠦᠢᠯ᠎ᠤᠨ ᠬᠠᠮᠢᠶᠠᠷᠤᠯᠲᠠ᠎ᠶᠢᠨ ᠪᠠᠢᠭᠤᠯᠤᠮᠵᠢ᠎ᠨᠢ ᠬᠢᠨᠠᠨ ᠲᠣᠭᠲᠠᠭᠠᠬᠤ ᠲᠣᠰᠭᠠᠢ ᠮᠡᠷᠭᠡᠵᠢᠯᠲᠡᠨ᠎ᠤ ᠬᠦᠮᠦᠷᠭᠡ ᠪᠠᠢᠭᠤᠯᠵᠤ᠂ ᠱᠢᠨᠵᠢᠯᠡᠬᠦ ᠣᠬᠠᠭᠠᠨ ᠮᠡᠷᠭᠡᠵᠢᠯ᠎ᠤᠨ ᠰᠠᠭᠤᠷᠢ ᠮᠥᠩᠭᠦ᠎ᠶᠢᠨ ᠲᠥᠷᠦᠯ ᠵᠦᠢᠯ᠂ ᠱᠢᠨᠵᠢᠯᠡᠬᠦ ᠣᠬᠠᠭᠠᠨ ᠮᠡᠷᠭᠡᠵᠢᠯ᠎ᠤᠨ ᠲᠦᠯᠦᠪᠯᠡᠭᠡᠨ᠎ᠤ ᠲᠦᠷᠦᠯ ᠵᠦᠢᠯ᠎ᠤᠨ ᠲᠣᠰᠭᠠᠢ ᠮᠡᠷᠭᠡᠵᠢᠯᠲᠡᠨ᠎ᠤ ᠬᠢᠨᠠᠨ ᠲᠣᠭᠲᠠᠭᠠᠬᠤ ᠳᠦᠷᠢᠮ ᠪᠠ ᠬᠢᠨᠠᠨ ᠲᠣᠭᠲᠠᠭᠠᠬᠤ ᠲᠣᠰᠭᠠᠢ ᠮᠡᠷᠭᠡᠵᠢᠯᠲᠡᠨ᠎ᠤ ᠱᠢᠯᠢᠨ ᠰᠣᠩᠭᠤᠬᠤ᠂ ᠵᠠᠢᠯᠠᠬᠤ᠂ ᠬᠠᠷᠢᠭᠤᠴᠠᠯᠭ᠎ᠠ ᠨᠡᠭᠡᠮᠵᠢᠯᠡᠬᠦ ᠳᠦᠷᠢᠮ᠎ᠢ ᠪᠠᠢᠭᠤᠯᠤᠨ ᠲᠡᠬᠦᠯᠳᠡᠷᠵᠢᠬᠦᠯᠬᠦ ᠬᠡᠷᠡᠭᠲᠠᠢ᠃

  ᠲᠠᠪᠢᠨ ᠬᠤᠶᠠᠳᠤᠭᠠᠷ ᠵᠦᠢᠯ  ᠦᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ ᠡᠳ᠎ᠤ ᠵᠠᠰᠠᠭ᠎ᠤᠨ ᠴᠢᠨᠠᠷᠲᠠᠢ ᠱᠢᠨᠵᠢᠯᠡᠬᠦ ᠣᠬᠠᠭᠠᠨ ᠮᠡᠷᠭᠡᠵᠢᠯ᠎ᠤᠨ ᠪᠡᠯᠡ ᠮᠦᠩᠬᠦ᠎ᠶᠢᠨ ᠬᠡᠷᠡᠭᠯᠡᠯᠲᠡ᠎ᠶᠢᠨ ᠦᠷ᠎ᠡ ᠪᠦᠲᠦᠮᠵᠢ᠎ᠶᠢ ᠦᠨᠡᠯᠡᠬᠦ ᠳᠦᠷᠢᠮ᠎ᠢ ᠪᠠᠢᠭᠤᠯᠤᠨ᠎ᠠ᠃

  ᠬᠤᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠤᠨ᠎ᠤ ᠬᠢᠨᠠᠨ ᠪᠣᠳᠤᠬᠤ᠂ ᠬᠢᠨᠠᠨ ᠪᠠᠢᠴᠠᠭᠠᠬᠤ᠂ ᠡᠳ᠎ᠤ ᠵᠠᠰᠠᠭ᠂ ᠱᠢᠨᠵᠢᠯᠡᠬᠦ ᠣᠬᠠᠭᠠᠨ ᠮᠡᠷᠭᠡᠵᠢᠯ ᠵᠢᠴᠢ ᠪᠣᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ᠎ᠨᠢ ᠡᠳ᠎ᠤ ᠵᠠᠰᠠᠭ᠎ᠤᠨ ᠴᠢᠨᠠᠷᠲᠠᠢ ᠱᠢᠨᠵᠢᠯᠡᠬᠦ ᠣᠬᠠᠭᠠᠨ ᠮᠡᠷᠭᠡᠵᠢᠯ᠎ᠤᠨ ᠪᠡᠯᠡ ᠮᠦᠩᠬᠦ᠎ᠳᠠᠬᠢ ᠬᠢᠨᠠᠯᠲᠠ ᠬᠠᠮᠢᠶᠠᠷᠤᠯᠲᠠ᠎ᠪᠠᠨ ᠴᠢᠩᠭᠠᠳᠭᠠᠵᠤ᠂ ᠡᠳ᠎ᠤ ᠵᠠᠰᠠᠭ᠎ᠤᠨ ᠴᠢᠨᠠᠷᠲᠠᠢ ᠱᠢᠨᠵᠢᠯᠡᠬᠦ ᠣᠬᠠᠭᠠᠨ ᠮᠡᠷᠭᠡᠵᠢᠯ᠎ᠤᠨ ᠪᠡᠯᠡ ᠮᠦᠩᠬᠦ᠎ᠶᠢᠨ ᠬᠡᠷᠡᠭᠯᠡᠭᠡᠨ᠎ᠤ ᠦᠷ᠎ᠡ ᠪᠦᠲᠦᠮᠵᠢ᠎ᠶᠢ ᠳᠡᠭᠡᠭᠱᠢᠯᠡᠬᠦᠯᠬᠦ ᠬᠡᠷᠡᠭᠲᠠᠢ᠃

  ᠲᠠᠪᠢᠨ ᠭᠤᠷᠪᠠᠳᠤᠭᠠᠷ ᠵᠦᠢᠯ  ᠦᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠲᠤᠭ᠎ᠠ ᠪᠦᠷᠢᠳᠬᠡᠯ᠎ᠤᠨ ᠵᠠᠰᠠᠭ ᠵᠠᠬᠢᠷᠭᠠᠨ᠎ᠤ ᠰᠠᠯᠠᠭ᠎ᠠ ᠮᠦᠴᠢᠷ ᠱᠢᠨᠵᠢᠯᠡᠬᠦ ᠣᠬᠠᠭᠠᠨ ᠮᠡᠷᠭᠡᠵᠢᠯ᠎ᠤᠨ ᠵᠠᠰᠠᠭ ᠵᠠᠬᠢᠷᠭᠠᠨ᠎ᠤ ᠰᠠᠯᠠᠭ᠎ᠠ ᠮᠦᠴᠢᠷ᠎ᠲᠠᠢ ᠬᠠᠮᠲᠤᠷᠠᠨ ᠱᠢᠨᠵᠢᠯᠡᠬᠦ ᠣᠬᠠᠭᠠᠨ ᠮᠡᠷᠭᠡᠵᠢᠯ᠎ᠤᠨ ᠲᠠᠪᠱᠢᠯᠲᠠ᠎ᠶᠢ ᠪᠦᠷᠢᠳᠬᠡᠵᠤ ᠬᠢᠨᠠᠨ ᠱᠢᠯᠭᠠᠬᠤ ᠳᠦᠷᠢᠮ᠎ᠢ ᠲᠡᠬᠦᠯᠳᠡᠷᠵᠢᠬᠦᠯᠦᠨ᠎ᠡ᠃

(ᠬᠠᠷᠢᠭᠤᠴᠠᠭᠰᠠᠨ ᠨᠠᠢᠷᠠᠭᠤᠯᠤᠭᠴᠢ : ᠤᠷᠢᠬᠠᠨ)

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ᠎ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )
ᠦᠪᠦᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
ᠬᠡᠪᠯᠡᠯ᠎ᠤᠨ
ᠡᠷᠬᠡ᠎ᠲᠡᠢ
ᠦᠪᠦᠷ
ᠮᠤᠩᠭ᠋ᠤᠯ᠎ᠤᠨ
ᠮᠤᠨᠢ
ᠨᠡᠷᠡᠮᠵᠢᠲᠦ
ᠰᠤᠶᠤᠯ᠎ᠤᠨ
ᠵᠠᠭᠤᠴᠢ
ᠪᠦᠷᠢᠨ
ᠪᠤᠰᠤ
ᠬᠠᠷᠢᠭᠤᠴᠠᠯᠭᠠᠳᠤ
ᠺᠤᠮᠫᠠᠨᠢ
ᠲᠦᠰᠦᠪᠯᠡᠨ
ᠦᠢᠯᠡᠳᠪᠡ
ᠦᠪᠦᠷ
ᠮᠤᠩᠭ᠋ᠤᠯ᠎ᠤᠨ
ᠳᠡᠯᠡᠬᠡᠢ
ᠮᠡᠳᠡᠭᠡ
ᠵᠠᠩᠬᠢ
ᠮᠡᠷᠭᠡᠵᠢᠯ᠎ᠤᠨ
ᠬᠢᠵᠠᠭᠠᠷᠲᠤ
ᠺᠤᠮᠫᠠᠨᠢ
ᠮᠡᠷᠭᠡᠵᠢᠯ
ᠬᠠᠩᠭ᠋ᠠᠪᠠ
ᠬᠠᠶᠢ᠍ᠭ᠄
ᠦᠪᠦᠷ
ᠮᠤᠩᠭ᠋ᠤᠯ᠎ᠤᠨ
ᠦᠪᠡᠷᠲᠡᠭᠡᠨ
ᠵᠠᠰᠠᠬᠤ
ᠤᠷᠤᠨ᠎ᠤ
ᠬᠦᠬᠡᠬᠤᠳᠠ᠎ᠵᠢᠨ ᠰᠢᠨ᠎ᠡ
ᠬᠤᠲᠠ
ᠲᠤᠭᠤᠷᠢᠭ᠎ᠤᠨ
ᠰᠢᠩᠬᠤᠸᠠ
ᠵᠡᠬᠦᠨ
ᠵᠡᠭᠡᠯᠢ᠎ᠵᠢᠨ
89ᠨᠤᠮᠧᠷ
ᠦᠪᠤᠷ
ᠮᠤᠩᠭ᠋ᠤᠯ᠎ᠤᠨ
ᠬᠡᠪᠯᠡᠯ᠎ᠤᠨ
ᠪᠦᠯᠦᠭᠯᠡᠯ
蒙ICP 备0500604